2024 ᠣᠨ ᠤ 5 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠫᠤᠤ ᠵᠡᠪᠰᠡᠭ ᠤᠨ | ᠬᠠᠮᠢᠶᠠᠷᠤᠯᠲᠠ ᠶᠢᠨ ᠨᠠᠷᠢᠨ ᠳᠦᠷᠢᠮ︾ ︵ᠦᠪᠦᠷ ᠲᠠᠮᠢᠷ ᠥᠰᠥᠭ ﹇2024﹈ 18 ᠳ᠋ᠤᠭᠠᠷ ᠲᠣᠭᠠᠲᠤ᠂ ᠳᠣᠷᠣᠭᠰᠢ ︽ᠬᠠᠮᠢᠶᠠᠷᠤᠯᠲᠠ ᠶᠢᠨ ᠨᠠᠷᠢᠨ ᠳᠦᠷᠢᠮ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠬᠠᠮᠢᠶ᠎ᠠ ᠪᠦᠬᠦᠢ ᠨᠢᠭᠡᠴᠢ᠂ ᠨᠡᠶᠢᠭᠡᠮ ᠨᠡᠶᠢᠲᠡ ᠶᠢᠨ ︽ᠬᠠᠮᠢᠶᠠᠷᠤᠯᠲᠠ ᠶᠢᠨ ᠨᠠᠷᠢᠨ ᠳᠦᠷᠢᠮ︾ ᠤᠨ | ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠬᠠᠮᠢᠶᠠᠷᠤᠯᠲᠠ ᠶᠢᠨ ᠨᠠᠷᠢᠨ ᠳᠦᠷᠢᠮ︾ ᠢ ᠲᠣᠭᠲᠠᠭᠠᠭᠰᠠᠨ ᠵᠣᠷᠢᠯᠭ᠎ᠠ ᠵᠢᠴᠢ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠤᠤ ᠵᠡᠪᠰᠡᠭ ᠤᠨ ᠬᠠᠮᠢᠶᠠᠷᠤᠯᠲᠠ ᠶᠢᠨ ᠬᠠᠤᠯᠢ︾ ︽ᠫᠤᠤᠳᠠᠯᠭ᠎ᠠ ᠶᠢᠨ ᠤᠷᠤᠯᠳᠤᠭᠠᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠤᠨ ᠬᠠᠮᠢᠶᠠᠷᠤᠯᠲᠠ ᠶᠢᠨ ᠠᠷᠭ᠎ᠠ︾ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠰᠤᠮᠤ | ᠳᠠᠷᠢ ᠶᠢᠨ ᠲᠤᠬᠠᠢ ᠬᠠᠮᠢᠶ᠎ᠡ ᠪᠦᠬᠦᠢ ᠱᠠᠭᠠᠷᠳᠠᠯᠭ᠎ᠠ ᠶᠢ ᠯᠠᠪᠳᠠᠭᠤᠨ ᠢᠶᠠᠷ ᠠᠬᠢᠭᠤᠯᠵᠦ᠂ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠪᠡᠶ᠎ᠡ ᠶᠢᠨ ᠲᠠᠮᠢᠷ ᠤᠨ ᠫᠤᠤ ᠵᠡᠪᠰᠡᠭ ᠰᠤᠮᠤ ᠳᠠᠷᠢ ᠵᠢᠴᠢ ᠫᠤᠤ ᠰᠤᠮᠤ ᠶᠢᠨ ᠬᠥᠮᠥᠷᠭᠡ ᠶᠢᠨ ᠬᠠᠮᠢᠶᠠᠷᠤᠯᠲᠠ ᠶᠢ | ᠨᠠᠩ ᠰᠠᠶᠢᠲᠤᠷ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠠᠮᠤᠷ ᠲᠦᠪᠰᠢᠨ᠂ | ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠲᠦᠷᠢᠮ ᠤᠨ ᠪᠠᠳᠤᠯᠠᠭ᠎ᠠ ᠬᠠᠩᠭᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ | ᠲᠦᠷᠦᠭᠦᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ | ᠫᠤᠤ ᠵᠡᠪᠰᠡᠭ ᠤᠨ ᠬᠠᠮᠢᠶᠠᠷᠤᠯᠳᠠ ᠶᠢᠨ ᠨᠠᠷᠢᠨ ᠲᠦᠷᠢᠮ︾ ᠢ ᠨᠤᠤᠷᠠᠭᠯᠠᠪᠠ᠃ ᠡᠭᠦᠨ ᠤ ᠵᠣᠷᠢᠯᠭ᠎ᠠ ᠨᠢ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ ᠪᠠᠷ | ᠳᠡᠮᠵᠢᠨ᠂ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠢᠨ᠎ᠡ ᠨᠢᠭᠡ ᠲᠡᠭᠳᠡᠷ ᠲᠤ ᠭᠠᠷᠭᠠᠬᠤ ᠶᠢᠨ ᠲᠦᠯᠦᠭᠡ ᠶᠤᠮ᠃ | | ᠬᠤᠶᠠᠷ᠂ ︽ᠬᠠᠮᠢᠶᠠᠷᠤᠯᠲᠠ ᠶᠢᠨ ᠨᠠᠷᠢᠨ ᠳᠦᠷᠢᠮ︾ ᠢ ᠲᠣᠭᠲᠠᠭᠠᠭᠰᠠᠨ ᠶᠠᠪᠤᠴᠠ | ︽ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠤᠨ ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠢ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠳᠦᠷᠢᠮ ᠤᠨ | ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠭᠰᠠᠨ ᠰᠠᠭᠤᠷᠢᠨ ᠳᠡᠭᠡᠷ᠎ᠡ᠂ 2024 ᠣᠨ ᠤ 1 ᠰᠠᠷ᠎ᠠ ᠠᠴᠠ ᠡᠬᠢᠯᠡᠨ ︽ᠬᠠᠮᠢᠶᠠᠷᠤᠯᠲᠠ ᠶᠢᠨ ᠨᠠᠷᠢᠨ ᠳᠦᠷᠢᠮ︾ ᠢ | ᠲᠤᠭᠤᠷᠪᠢᠨ ᠪᠢᠴᠢᠬᠦ ᠠᠵᠢᠯ ᠢ ᠶᠠᠪᠤᠭᠳᠠᠭᠤᠯᠪᠠ᠃ 2 ᠰᠠᠷ᠎ᠠ ᠳᠤ ᠡᠬᠡ ᠪᠢᠴᠢᠭ ᠭᠠᠷᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ᠂ 12 ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ᠂ ᠰᠢᠭᠤᠳ ᠬᠠᠷᠢᠶ᠎ᠠ ᠨᠢᠭᠡᠴᠢ ᠠᠴᠠ ᠨᠢᠭᠡᠳᠦᠭᠡᠷ ᠡᠭᠡᠯᠵᠢ ᠶᠢᠨ ᠰᠠᠨᠠᠯ ᠬᠤᠷᠢᠶᠠᠪᠠ᠃ 2 | ᠰᠠᠷ᠎ᠠ ᠶᠢᠨ 6 ᠤ ᠡᠳᠦᠷ ᠲᠤᠰᠬᠠᠶᠢᠯᠠᠨ ᠮᠣᠷᠢᠨ ᠮᠡᠷᠭᠡᠵᠢᠯ ᠤᠨ ᠲᠥᠪ ᠤᠨ ᠲᠤᠰᠬᠠᠢ ᠮᠡᠷᠭᠡᠵᠢᠯ ᠤᠨ ᠠᠩᠭᠢ ᠶᠢᠨ ᠫᠤᠤᠳᠠᠯᠭ᠎ᠠ ᠶᠢᠨ ᠰᠤᠷᠭᠠᠭᠴᠢ᠂ ᠫᠤᠤᠳᠠᠯᠭ᠎ᠠ ᠶᠢᠨ | ᠬᠥᠮᠥᠷᠭᠡ ᠶᠢᠨ ᠬᠠᠮᠢᠶᠠᠷᠤᠭᠴᠢ ᠶᠢ ᠤᠷᠢᠵᠤ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠫᠤᠤᠳᠠᠯᠭ᠎ᠠ ᠶᠢᠨ | ᠰᠤᠷᠭᠠᠭᠴᠢ᠂ ᠫᠤᠤᠳᠠᠯᠭ᠎ᠠ ᠶᠢᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠥᠪᠥᠷ ᠮᠣᠩᠭᠤᠯ ᠤᠨ ᠫᠤᠤᠳᠠᠯᠭ᠎ᠠ ᠶᠢᠨ ᠨᠡᠶᠢᠭᠡᠮᠯᠢᠭ ᠤᠨ ᠬᠠᠮᠢᠶ᠎ᠠ ᠪᠦᠬᠦᠢ | ᠲᠤᠰᠬᠠᠢ ᠮᠡᠷᠭᠡᠵᠢᠯᠲᠡᠨ ᠨᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠨᠢᠭᠡᠴᠢ ᠶᠢᠨ ᠫᠤᠤ ᠵᠡᠪᠰᠡᠭ ᠤᠨ ᠬᠠᠮᠢᠶᠠᠷᠤᠯᠲᠠ ᠶᠢᠨ ᠨᠠᠷᠢᠨ ᠳᠦᠷᠢᠮ ︵ᠰᠠᠨᠠᠯ ᠬᠤᠷᠢᠶᠠᠬᠤ ᠨᠣᠣᠷᠠᠭ︶︾ ᠤᠨ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ | ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠬᠤ ᠶᠢᠨ ᠬᠠᠮᠲᠤ ᠰᠠᠨᠠᠯ ᠬᠤᠷᠢᠶᠠᠭᠰᠠᠨ ᠪᠠᠶᠢᠳᠠᠯ ᠢᠶᠠᠨ | ᠦᠨᠳᠦᠰᠦᠯᠡᠨ ᠡᠬᠡ ᠨᠣᠣᠷᠠᠭ ᠲᠤ ᠵᠠᠰᠠᠪᠤᠷᠢ ᠣᠷᠣᠭᠤᠯᠪᠠ᠃ 3 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ 12 | ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ᠂ ᠰᠢᠭᠤᠳ ᠬᠠᠷᠢᠶ᠎ᠠ ᠨᠢᠭᠡᠴᠢ ᠠᠴᠠ ᠬᠤᠶᠠᠳᠠᠭᠢ ᠡᠭᠡᠯᠵᠢ ᠶᠢᠨ ᠰᠠᠨᠠᠯ ᠬᠤᠷᠢᠶᠠᠬᠤ ᠶᠢᠨ ᠬᠠᠮᠲᠤ ᠬᠠᠮᠢᠶ᠎ᠠ ᠪᠦᠬᠦᠢ | ᠰᠠᠨᠠᠯ ᠰᠠᠨᠠᠭᠤᠯᠭ᠎ᠠ ᠶᠢ ᠭᠥᠯᠢᠶᠡᠨ ᠠᠪᠤᠪᠠ᠃ 2024 ᠣᠨ ᠤ 4 ᠰᠠᠷ᠎ᠠ ᠳᠤ᠂ ︽ᠬᠠᠮᠢᠶᠠᠷᠤᠯᠲᠠ ᠶᠢᠨ ᠨᠠᠷᠢᠨ ᠳᠦᠷᠢᠮ︾ ᠢ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠵᠢᠩᠬᠢᠨᠢ ᠪᠠᠷ ᠳᠡᠪᠰᠢᠭᠦᠯᠵᠦ ᠰᠤᠳᠤᠯᠤᠨ ᠪᠠᠲᠤᠯᠠᠭᠤᠯᠪᠠ᠂ ᠪᠢᠴᠢᠭ | ᠮᠠᠲ᠋ᠧᠷᠢᠶᠠᠯ ᠢ 2024 ᠣᠨ ᠤ 5 ᠰᠠᠷ᠎ᠠ ᠶᠢᠨ 6 ᠤ ᠡᠳᠦᠷ ᠠᠴᠠ ᠳᠠᠷᠤᠮᠠᠯᠯᠠᠨ ᠲᠠᠷᠬᠠᠭᠠᠵᠤ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠭᠤᠷᠪᠠ᠂ ︽ᠬᠠᠮᠢᠶᠠᠷᠤᠯᠲᠠ ᠶᠢᠨ ᠨᠠᠷᠢᠨ ᠳᠦᠷᠢᠮ︾ ᠤᠨ ᠦᠨᠳᠦᠰᠦᠨ ᠪᠣᠷᠣ ᠲᠥᠯᠥᠪ ᠪᠣᠯᠣᠨ ᠭᠤᠣᠯ ᠠᠭᠤᠯᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠫᠤᠤ | ᠵᠡᠪᠰᠡᠭ ᠤᠨ ᠬᠠᠮᠢᠶᠠᠷᠤᠯᠲᠠ ᠶᠢᠨ ᠨᠠᠷᠢᠨ ᠳᠦᠷᠢᠮ︾ ᠨᠢ ᠨᠡᠶᠢᠲᠡ ᠨᠠᠢᠮᠠᠨ ᠪᠦᠯᠦᠭ 48 ᠵᠦᠢᠯ ᠪᠠᠶᠢᠵᠤ᠂ ᠭᠤᠣᠯᠳᠠᠭᠤ ᠫᠤᠤᠳᠠᠯᠭ᠎ᠠ ᠶᠢᠨ ᠤᠷᠤᠯᠳᠤᠭᠠᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢ ᠬᠢᠨᠠᠨ ᠵᠥᠪᠰᠢᠶᠡᠷᠡᠬᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠢ ᠲᠣᠬᠢᠷᠠᠭᠤᠯᠬᠤ ᠪᠠ ᠬᠤᠳᠠᠯᠳᠤᠨ | ᠠᠪᠬᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠰᠤᠮᠤ ᠳᠠᠷᠢ ᠶᠢᠨ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠫᠤᠤ ᠵᠡᠪᠰᠡᠭ ᠰᠤᠮᠤ ᠳᠠᠷᠢ ᠶᠢᠨ ᠬᠥᠮᠥᠷᠭᠡ | ︵ᠲᠠᠰᠤᠭ︶ ᠶᠢᠨ ᠬᠠᠮᠢᠶᠠᠷᠤᠯᠲᠠ᠂ ᠫᠤᠤᠳᠠᠯᠭ᠎ᠠ ᠶᠢᠨ ᠲᠠᠯᠠᠪᠤᠷ ︵ᠣᠷᠳᠣᠨ︶ ᠤᠨ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ︵ᠰᠤᠮᠤ | ᠳᠠᠷᠢ︶ ᠤᠨ ᠲᠡᠭᠡᠭᠡᠪᠦᠷᠢ ᠵᠡᠷᠭᠡ ᠠᠭᠤᠯᠭ᠎ᠠ ᠶᠢ ᠲᠣᠭᠲᠠᠭᠠᠵᠠᠢ᠃ ᠲᠣᠰ ᠬᠠᠮᠢᠶᠠᠷᠤᠯᠲᠠ ᠶᠢᠨ ᠨᠠᠷᠢᠨ ᠳᠦᠷᠢᠮ ᠢ ᠨᠡᠶᠢᠲᠡᠯᠡᠬᠦ ᠪᠠᠷ ᠳᠠᠮᠵᠢᠭᠤᠯᠤᠨ᠂ ᠫᠤᠤᠳᠠᠯᠭ᠎ᠠ ᠶᠢᠨ | ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠰᠤᠮᠤ ᠳᠠᠷᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠦᠷᠢᠮ ᠤᠨ | ᠪᠠᠳᠤᠯᠠᠭ᠎ᠠ ᠶᠢ ᠴᠢᠩᠭᠠᠳᠬᠠᠪᠠ᠃ | ᠳᠥᠷᠪᠡ᠂ ︽ᠬᠠᠮᠢᠶᠠᠷᠤᠯᠲᠠ ᠶᠢᠨ ᠨᠠᠷᠢᠨ ᠳᠦᠷᠢᠮ︾ ᠤᠨ ᠭᠤᠣᠯ ᠣᠨᠴᠠᠯᠢᠭ | ︵ᠨᠢᠭᠡ︶ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ | ᠴᠢᠩᠭᠠᠳᠬᠠᠪᠠ | ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠬᠢᠨᠠᠨ ᠵᠥᠪᠰᠢᠶᠡᠷᠡᠬᠦ ᠨᠥᠬᠦᠴᠡᠯ ᠪᠣᠯᠣᠨ ᠬᠢᠨᠠᠨ ᠵᠥᠪᠰᠢᠶᠡᠷᠡᠬᠦ | ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠪᠥᠬᠦ ᠣᠷᠣᠨ ᠤ ᠫᠤᠤᠳᠠᠯᠭ᠎ᠠ ᠶᠢᠨ | ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠭᠢᠯᠡᠬᠦ ᠨᠢᠭᠡᠴᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠢᠷᠢ ᠬᠡᠮ ᠢ ᠳᠠᠬᠢᠨ ᠬᠢᠨᠠᠬᠤ ᠠᠵᠢᠯ ᠢ | ᠬᠠᠷᠢᠭᠤᠴᠠᠵᠤ᠂ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠭᠢᠯᠡᠬᠦ ᠨᠢᠭᠡᠴᠢ ᠶᠢᠨ ᠳᠤᠷᠠᠳᠤᠭᠰᠠᠨ ᠭᠤᠶᠤᠴᠢᠯᠠᠯ ᠢ ᠬᠢᠨᠠᠨ | ᠵᠥᠪᠰᠢᠶᠡᠷᠡᠵᠦ᠂ ᠫᠤᠤᠳᠠᠯᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠳᠤ ᠬᠤᠶᠠᠷ ᠵᠢᠯ ᠳᠤ ᠳᠠᠬᠢᠨ ᠬᠢᠨᠠᠭᠰᠠᠨ ᠦᠷ᠎ᠡ ᠳ᠋ᠦᠩ ᠢ ᠴᠠᠭ ᠲᠤᠬᠠᠢ ᠳᠤᠨᠢ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠳᠤ ᠬᠠᠭᠤᠯᠤᠨ ᠬᠦᠷᠭᠡᠨ᠎ᠡ᠃ | ︵ᠬᠤᠶᠠᠷ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠡᠪᠤᠷᠢᠵᠢᠭᠤᠯᠪᠠ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠫᠤᠤ ᠵᠡᠪᠰᠡᠭ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠫᠤᠤᠳᠠᠯᠭ᠎ᠠ ᠶᠢᠨ | ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠨᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠤᠨ ᠡᠳᠦᠷ ᠲᠤᠳᠤᠮ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ ᠨᠢ ᠲᠤᠰ | ᠨᠢᠭᠡᠴᠢ ᠶᠢᠨ ᠢᠶᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠤᠨ ᠨᠢᠭᠡᠳᠦᠭᠡᠷ ᠬᠠᠷᠢᠭᠤᠴᠠᠯᠭᠠᠳᠠᠨ ᠪᠤᠯᠤᠨ᠎ᠡ᠃ | ︵ᠭᠤᠷᠪᠠ︶ ᠫᠤᠤ ᠰᠤᠮᠤᠨ ᠤ ᠬᠥᠮᠥᠷᠭᠡ᠂ ᠫᠤᠤᠳᠠᠯᠭ᠎ᠠ ᠶᠢᠨ ᠲᠡᠯᠡᠪᠡᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ | 1. ︽ᠫᠤᠤ ᠵᠡᠪᠰᠡᠭ ︵ᠰᠤᠮᠤ ᠳᠠᠷᠢ︶ ᠤᠨ ᠬᠥᠮᠥᠷᠭᠡ ᠶᠢᠨ ᠲᠠᠰᠤᠭ ᠤᠨ ᠲᠦᠭᠰᠢᠭᠦᠷᠢ ᠶᠢᠨ ᠲᠠᠰ ᠤᠨ ᠬᠤᠪᠢᠶᠠᠷᠢᠯᠠᠯ ᠬᠢᠭᠡᠳ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠠᠭᠠᠷᠳᠠᠯᠭ᠎ᠠ︾ ︵GA1016︶ ᠵᠢᠴᠢ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠵᠢᠷᠤᠮᠯᠠᠨ ᠫᠤᠤ ᠶᠢᠨ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠬᠢᠨ᠎ᠡ᠃ ᠬᠤᠶᠠᠷ ᠬᠥᠮᠥᠨ ᠬᠤᠶᠠᠷ ᠢ ᠣᠨᠢᠰᠤᠯᠠᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠵᠤ᠂ ᠫᠤᠤ ᠰᠤᠮᠤᠨ ᠤ | ᠬᠥᠮᠥᠷᠭᠡ ᠶᠢᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠨᠠᠭᠠᠲᠤ ᠵᠠᠬ᠎ᠠ ᠳᠠᠭᠠᠨ 90 ᠡᠳᠦᠷ ᠠᠴᠠ ᠳᠡᠭᠡᠭᠰᠢ ᠬᠠᠳᠠᠭᠠᠯᠠᠬᠤ ᠬᠡᠷᠡᠭᠲᠡᠢ᠃ | 2. ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ ᠵᠡᠪᠰᠡᠭ ᠰᠤᠮᠤ ᠳᠠᠷᠢ ᠶᠢ ᠬᠠᠳᠠᠭᠠᠯᠠᠵᠤ ᠭᠠᠷᠭᠠᠨ ᠠᠪᠴᠤ ᠬᠡᠷᠡᠭᠯᠡᠬᠦ ᠪᠦᠷᠢᠳᠬᠡᠯ ᠤᠨ ᠬᠦᠰᠦᠨᠦᠭᠲᠦ ᠶᠢ | ᠪᠠᠶᠢᠭᠤᠯᠤᠨ ᠪᠦᠷᠢᠨᠰᠢᠭᠦᠯᠦᠨ᠎ᠡ᠃ ᠬᠠᠮᠢᠶᠠᠷᠤᠯᠲᠠ ᠶᠢᠨ ᠨᠠᠷᠢᠨ ᠳᠦᠷᠢᠮ ᠤᠨ ᠠᠷᠤ ᠳᠤ ᠨᠢᠭᠡᠳᠦᠯᠲᠡᠢ ︽2024 ᠣᠨ ᠤ ᠫᠤᠤᠳᠠᠯᠭ᠎ᠠ ᠶᠢᠨ ᠤᠷᠤᠯᠳᠤᠭᠠᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠢᠭᠡᠴᠢ ᠶᠢᠨ ᠡᠳᠦᠷ ᠲᠤᠲᠤᠮ ᠤᠨ ᠪᠣᠯᠪᠠᠰᠤᠷᠠᠯ ᠤᠨ ᠰᠤᠮᠤ ᠬᠠᠳᠠᠭᠠᠯᠠᠵᠤ ᠭᠠᠷᠭᠠᠬᠤ ᠪᠦᠷᠢᠳᠬᠡᠯ ᠤᠨ ᠬᠦᠰᠦᠨᠦᠭᠲᠦ︾ ︽ | 2024 ᠣᠨ ᠤ ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠨᠢᠭᠡᠴᠢ ᠶᠢᠨ ᠡᠳᠦᠷ ᠲᠤᠲᠤᠮ ᠤᠨ ᠪᠣᠯᠪᠠᠰᠤᠷᠠᠯ ᠤᠨ ᠰᠤᠮᠤ ᠬᠠᠳᠠᠭᠠᠯᠠᠵᠤ ᠭᠠᠷᠭᠠᠬᠤ | ᠪᠦᠷᠢᠳᠬᠡᠯ ᠤᠨ ᠬᠦᠰᠦᠨᠦᠭᠲᠦ︾ ︽ᠫᠤᠤᠳᠠᠯᠭ᠎ᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠨᠢᠭᠡᠴᠢ ᠶᠢᠨ ᠫᠤᠤ ᠬᠠᠳᠠᠭᠠᠯᠠᠵᠤ ᠭᠠᠷᠭᠠᠬᠤ ᠪᠦᠷᠢᠳᠬᠡᠯ ᠤᠨ | ᠬᠦᠰᠦᠨᠦᠭᠲᠦ︾ ᠶᠢ ᠳᠠᠭᠠᠯᠳᠤᠭᠤᠯᠪᠠ᠃ ᠫᠤᠤ ᠵᠡᠪᠰᠡᠭ ︵ᠰᠤᠮᠤ︶ ᠢ ᠬᠥᠮᠥᠷᠭᠡ ᠠᠴᠠ ᠣᠷᠣᠭᠤᠯᠵᠤ ᠭᠠᠷᠭᠠᠭᠰᠠᠨ ᠪᠠᠶᠢᠳᠠᠯ ᠢ ᠨᠠᠷᠢᠨ ᠲᠣᠳᠣᠷᠬᠠᠢ᠂ ᠣᠨᠣᠪᠴᠢᠲᠠᠶ | ᠲᠡᠮᠳᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ | 3. ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠫᠤᠤ ᠰᠤᠮᠤ ᠶᠢᠨ ᠬᠥᠮᠥᠷᠭᠡ ᠨᠢ ᠫᠤᠤ ᠵᠡᠪᠰᠡᠭ ᠰᠤᠮᠤ ᠳᠠᠷᠢ ᠶᠢ ᠠᠪᠴᠤ ᠬᠡᠷᠡᠭᠯᠡᠬᠦ᠂ | ᠬᠠᠳᠠᠭᠠᠯᠠᠨ ᠲᠠᠯᠪᠢᠬᠤ ᠳᠠᠩᠰᠠᠯᠠᠯᠲᠠ ᠶᠢᠨ ᠭᠠᠷᠳᠠᠮ ᠢ ᠴᠢᠩᠭ᠎ᠠ ᠬᠡᠷᠡᠭᠵᠢᠭᠦᠯᠵᠦ᠂ ᠫᠤᠤ ᠵᠡᠪᠰᠡᠭ᠂ ᠰᠤᠮᠤ ᠶᠢ ᠬᠥᠮᠥᠷᠭᠡ ᠠᠴᠠ ᠭᠠᠷᠭᠠᠵᠦ ᠣᠷᠣᠭᠤᠯᠬᠤ ᠡᠬᠡ | ᠲᠠᠩᠰᠠᠨ ᠳᠤ ᠲᠡᠮᠳᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠫᠤᠤᠳᠠᠯᠭ᠎ᠠ ᠶᠢᠨ ᠲᠡᠯᠡᠪᠡᠢ ︵ᠣᠷᠳᠣᠨ︶ ᠪᠠ ᠫᠤᠤ ᠶᠢᠨ ᠰᠤᠮᠤᠨ ᠤ ᠬᠥᠮᠥᠷᠭᠡ ᠳᠤ ᠪᠦᠬᠦᠠ ᠢ | ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠂ ᠬᠠᠮᠢᠶ᠎ᠠ ᠦᠭᠡᠢ ᠬᠥᠮᠥᠨ ᠳᠤᠷ᠎ᠠ ᠪᠠᠷ ᠢᠶᠠᠨ ᠣᠷᠣᠵᠤ ᠪᠣᠯᠬᠤ ᠦᠭᠡᠢ︔ ᠫᠤᠤ ᠵᠡᠪᠰᠡᠭ ᠢ | ᠯᠠᠩᠭᠦᠢ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠲᠠᠷᠬᠠᠭᠠᠬᠤ᠂ ᠬᠤᠷᠢᠶᠠᠬᠤ ᠶᠢ ᠬᠡᠷᠡᠭᠵᠢᠭᠦᠯᠦᠨ᠎ᠡ᠃ ᠰᠤᠮᠤ ᠳᠤ ᠬᠤᠶᠠᠷ ᠱᠠᠲᠤᠨ ᠤ ᠲᠠᠷᠬᠠᠭᠠᠯᠲᠠ ᠶᠢᠨ ᠠᠷᠭ᠎ᠠ | ᠬᠡᠯᠪᠡᠷᠢ ᠶᠢ ᠠᠪᠴᠤ ᠪᠣᠯᠣᠨ᠎ᠠ︔ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠫᠤᠤ ᠵᠡᠪᠰᠡᠭ ᠤᠨ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠬᠦ ᠵᠡᠷᠭᠡ ᠪᠣᠯᠣᠨ᠎ᠠ᠃ | |