ᠲᠡᠳᠡᠭᠡᠷ ᠤᠨᠳᠠᠯᠭ᠎ᠠ ᠳᠤ ᠳᠤᠰᠠᠳᠠᠢ ᠦᠢᠯᠡᠳᠬᠦᠨ ᠨᠢ ᠦᠨᠡᠬᠡᠷ ᠦᠢᠯᠡᠳᠦᠯ ᠲᠠᠢ ᠭᠡᠵᠦ ᠤᠤ︖ | ︽ᠲᠧᠯᠠᠲ᠋ᠤᠨᠢᠨ ᠬᠤᠷᠮᠤᠨ ᠢᠶᠠᠷ ᠵᠢᠱᠢᠶᠡᠯᠡᠪᠡᠯ᠂ ᠲᠡᠷᠡ ᠨᠢ ᠤᠨᠲᠠᠬᠤ ᠦᠶᠡᠯᠡᠯ ᠤᠨ ᠬᠤᠭᠤᠴᠠᠭ᠎ᠠ ᠶᠢ ᠦᠨᠡᠬᠡᠷ ᠲᠣᠬᠢᠷᠠᠭᠤᠯᠵᠤ ᠴᠢᠳᠠᠨ᠎ᠠ᠂ ᠭᠡᠪᠡᠴᠦ | ᠤᠷᠲᠤ ᠬᠤᠭᠤᠴᠠᠭ᠎ᠠ ᠪᠠᠷ ᠰᠥᠨᠢᠵᠢᠨ ᠰᠠᠭᠤᠭᠰᠠᠨ ᠠᠴᠠ ᠪᠣᠯᠵᠤ ᠲᠧᠯᠠᠲ᠋ᠤᠨᠢᠨ ᠬᠤᠷᠮᠤᠨ ᠤ ᠰᠢᠭᠦᠷᠡᠯᠲᠡ ᠰᠠᠮᠠᠭᠤᠷᠠᠬᠰᠠᠨ ᠬᠥᠮᠥᠰ ᠪᠤᠶᠤ ᠴᠠᠭ ᠤᠨ ᠵᠥᠷᠢᠶ᠎ᠡ ᠪᠠᠨ | ᠠᠯᠳᠠᠭᠰᠠᠨ ᠬᠥᠮᠥᠰ ᠲᠤ ᠨᠡᠩ ᠲᠣᠬᠢᠷᠠᠮᠵᠢᠲᠠᠢ ᠪᠠᠶᠢᠵᠤ ᠮᠡᠳᠡᠨ᠎ᠡ︾ ᠭᠡᠵᠦ ᠯᠦ ᠯᠢᠨ ᠢᠯᠡᠷᠬᠡᠶᠢᠯᠡᠵᠠᠢ᠂ ᠲᠡᠷᠡ ᠪᠠᠰᠠ ᠤᠨᠲᠠᠭᠤᠯᠬᠤ ᠪᠦᠲᠦᠭᠡᠭᠳᠡᠬᠦᠨ ᠤ | ᠦᠢᠯᠡᠳᠦᠯ ᠨᠢ ᠶᠡᠷᠦᠳᠡᠭᠡᠨ ᠬᠦᠮᠦᠨ ᠪᠤᠯᠭᠠᠨ ᠳᠤ ᠠᠳᠠᠯᠢ ᠪᠤᠰᠤ ᠪᠠᠶᠢᠳᠠᠭ᠂ ᠵᠢᠱᠢᠶᠡᠯᠡᠪᠡᠯ ᠳᠠᠷᠤᠯᠲᠠ᠂ ᠵᠣᠪᠠᠨᠢᠯ ᠠᠴᠠ ᠪᠣᠯᠵᠤ ᠨᠦᠢᠷ ᠬᠤᠯᠵᠢᠬᠤ ᠳᠤ ᠭᠦᠷᠪᠡᠯ᠂ | ᠲᠧᠯᠠᠲ᠋ᠤᠨᠢᠨ ᠬᠤᠷᠮᠤᠨ ᠤᠤᠭᠤᠬᠰᠠᠨ ᠴᠦ ᠦᠢᠯᠡᠳᠦᠯ ᠨᠢ ᠲᠡᠶᠢᠮᠦ ᠶᠡᠭᠡ ᠪᠢᠰᠢ ᠪᠠᠶᠢᠳᠠᠭ᠃ ᠡᠭᠦᠨ ᠤ ᠬᠠᠮᠲᠤ᠂ ᠵᠠᠬ᠎ᠠ ᠳᠡᠯᠭᠡᠭᠦᠷ ᠳᠡᠭᠡᠷᠡᠬᠢ ᠣᠯᠠᠩᠬᠢ | ᠤᠨᠲᠠᠯᠭ᠎ᠠ ᠶᠢᠨ ᠬᠡᠮᠵᠢᠭᠦᠷᠯᠢᠭ ᠤᠨ ᠭᠤᠣᠯ ᠦᠢᠯᠡᠳᠦᠯ ᠤᠨ ᠤᠭ ᠶᠣᠰᠣ ᠨᠢ ᠪᠢᠴᠢᠯ ᠴᠠᠬᠢᠯᠭᠠᠨ ᠭᠦᠶᠦᠳᠡᠯ ᠤᠨ ᠰᠡᠳᠦᠯᠲᠡ ᠪᠠᠶᠢᠵᠤ᠂ ᠦᠷ᠎ᠡ ᠳ᠋ᠦᠩ ᠨᠢ ᠬᠠᠷᠠᠬᠠᠨ | ᠲᠣᠳᠣᠷᠬᠠᠢ ᠦᠭᠡᠢ ᠪᠠᠶᠢᠭᠰᠠᠭᠠᠷ᠂ ᠵᠢᠷᠮᠦᠰᠦᠨ ᠡᠮᠡᠭᠲᠡᠢ ᠪᠠ ᠵᠢᠷᠦᠬᠡᠨ ᠯᠤᠭᠰᠢᠯᠲᠠ ᠶᠢᠨ ᠡᠭᠦᠰᠭᠡᠭᠦᠷ ᠬᠢᠭᠰᠡᠨ ᠵᠡᠷᠭᠡ ᠬᠦᠮᠦᠰ ᠲᠤ ᠴᠦ ᠬᠡᠷᠡᠭᠯᠡᠬᠦ ᠨᠢ ᠵᠤᠬᠢᠰ ᠦᠭᠡᠢ | ᠭᠡᠵᠡᠢ᠃ | ᠰᠡᠷᠢᠭᠰᠡᠨ ᠤ ᠪᠠᠨ ᠳᠠᠷᠠᠭ᠎ᠠ ᠥᠴᠥᠭᠡᠳᠦᠷ ᠰᠦᠨᠢ ᠶᠢᠨ ᠢᠶᠠᠨ ᠤᠨᠲᠠᠯᠭ᠎ᠠ ᠶᠢᠨ ᠲᠤᠭ᠎ᠠ ᠪᠠᠷᠢᠮᠲᠠ ᠶᠢ ᠬᠠᠷᠠᠬᠤ ᠨᠢ ᠨᠢᠭᠡᠨᠳᠡ ᠮᠠᠰᠢ ᠤᠯᠠᠨ ᠬᠦᠮᠦᠰ ᠤᠨ | ᠳᠠᠳᠬᠠᠯ ᠪᠤᠯᠤᠬᠰᠠᠨ ᠪᠠᠶᠢᠨ᠎ᠠ᠃ | ᠡᠮᠦᠰᠴᠦ ᠵᠡᠭᠦᠬᠦ ᠮᠠᠶ᠋ᠢᠭ ᠤᠨ ᠤᠨᠲᠠᠯᠭ᠎ᠠ ᠶᠢ ᠬᠢᠨᠠᠨ ᠬᠡᠮᠵᠢᠬᠦ ᠲᠥᠬᠦᠭᠡᠷᠦᠮᠵᠢ ᠨᠢ ᠤᠨᠲᠠᠯᠭ᠎ᠠ ᠶᠢᠨ ᠪᠠᠶᠢᠳᠠᠯ ᠢ ᠣᠶᠢᠯᠠᠭᠠᠬᠤ ᠳᠤ ᠬᠠᠪᠰᠤᠷᠤᠮᠵᠢ ᠪᠣᠯᠵᠤ᠂ | ᠤᠨᠲᠠᠯᠭ᠎ᠠ ᠶᠢᠨ ᠲᠤᠬᠠᠢ ᠥᠪᠡᠷᠮᠢᠴᠡ ᠰᠠᠨᠠᠭᠤᠯᠭ᠎ᠠ ᠬᠠᠩᠭᠠᠵᠤ ᠪᠣᠯᠣᠨ᠎ᠠ᠂ ᠭᠡᠪᠡᠴᠦ ᠡᠮᠴᠢᠯᠡᠭᠡᠨ ᠳᠤ ᠬᠡᠷᠡᠭᠯᠡᠬᠦ ᠣᠯᠠᠨ ᠳᠠᠮᠵᠢᠭᠤᠯᠤᠭᠴᠢ ᠶᠢᠨ ᠤᠨᠲᠠᠯᠭ᠎ᠠ ᠶᠢ ᠬᠢᠨᠠᠨ | ᠬᠡᠮᠵᠢᠬᠦ ᠲᠥᠬᠦᠭᠡᠷᠦᠮᠵᠢ ᠲᠠᠢ ᠠᠳᠠᠯᠢᠳᠬᠠᠪᠠᠯ᠂ ᠲᠡᠭᠦᠨ ᠤ ᠮᠡᠷᠭᠡᠵᠢᠯ ᠪᠠ ᠪᠤᠳᠤᠬᠤ ᠠᠷᠭ᠎ᠠ ᠨᠢ ᠣᠳᠣᠬᠠᠨ ᠳᠤ ᠬᠠᠷᠠᠬᠠᠨ ᠪᠦᠷᠢᠡᠰᠢᠬᠡ ᠦᠭᠡᠢ ᠤᠴᠢᠷ ᠠᠴᠠ | ᠪᠦᠷᠢᠮᠦᠰᠦᠨ ᠢᠳᠡᠭᠡᠵᠦ ᠪᠤᠯᠬᠤ ᠦᠭᠡᠢ ᠭᠡᠵᠦ ᠯᠦ ᠯᠢᠨ ᠲᠠᠨᠢᠯᠴᠠᠭᠤᠯᠤᠯ᠎ᠠ᠃ | ᠪᠡᠭᠡᠵᠢᠩ ᠶᠡᠭᠡ ᠰᠤᠷᠭᠠᠭᠤᠯᠢ ᠶᠢᠨ ᠤᠨᠲᠠᠯᠭ᠎ᠠ ᠶᠢᠨ ᠰᠤᠳᠤᠯᠭᠠᠨ ᠤ ᠲᠥᠪ ᠤᠨ ᠡᠷᠬᠢᠯᠡᠭᠴᠢ ᠬᠠᠨ ᠹᠠᠩ ᠠᠴᠠ ᠤᠨᠲᠠᠭᠤᠯᠬᠤ ᠦᠢᠯᠡᠳᠬᠦᠨ ᠤ | ᠭᠦᠢᠴᠡᠳᠬᠡᠯ ᠲᠤᠭ᠎ᠠ ᠪᠣᠯᠣᠨ ᠪᠣᠯᠵᠣᠯᠲᠤ ᠲᠤᠭ᠎ᠠ ᠳᠤ ᠬᠡᠲᠦᠷᠬᠡᠢ ᠲᠦᠰᠢᠭᠯᠡᠬᠦ ᠬᠡᠷᠡᠭ ᠦᠭᠡᠢ᠂ ᠦᠷᠯᠦᠬᠡ ᠪᠤᠰᠤᠭᠠᠳ ᠡᠷᠴᠢ ᠬᠦᠴᠦ ᠤᠷᠬᠢᠯᠤᠮ᠎ᠠ ᠪᠠᠶᠢᠪᠠᠯ ᠳᠠᠷᠤᠢ | ᠰᠠᠶᠢᠨ ᠤᠨᠳᠠᠬᠰᠠᠨ ᠳᠤ ᠲᠤᠭᠠᠴᠠᠬᠳᠠᠨ᠎ᠠ ᠭᠡᠵᠦ ᠪᠠᠶᠢᠯ᠎ᠠ᠃ | ᠠᠶᠢᠫᠤᠰ ᠯᠠᠪᠯᠠᠯᠲᠠ ᠶᠢᠨ ᠨᠡᠶᠢᠲᠡᠯᠡᠭᠰᠡᠨ ︽ᠤᠨᠲᠠᠭᠤᠯᠬᠤ ᠦᠢᠯᠡᠳᠬᠦᠨ ᠤ ᠵᠠᠬ᠎ᠠ ᠳᠡᠯᠭᠡᠭᠦᠷ ᠤᠨ ᠬᠥᠭᠵᠢᠯᠲᠡ ᠵᠢᠴᠢ ᠬᠡᠷᠡᠭᠯᠡᠭᠡᠨ ᠤ ᠬᠠᠨᠳᠤᠰᠢ ᠶᠢᠨ | ᠲᠤᠬᠠᠢ ᠠᠵᠢᠭᠯᠠᠯᠲᠠ ᠮᠡᠳᠡᠭᠦᠯᠦᠯᠲᠡ︾ ᠳᠤ ᠵᠢᠭᠠᠵᠤ ᠭᠠᠷᠭᠠᠭᠰᠠᠨ ᠢᠶᠠᠷ᠂ ᠣᠳᠣᠬᠠᠨ ᠳᠤ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠠᠵᠢᠯ | ᠲᠥᠷᠥᠯ ᠤᠨ ᠬᠥᠭᠵᠢᠯᠲᠡ ᠨᠡᠯᠢᠶᠡᠳ ᠲᠠᠷᠠᠬᠠᠢ ᠪᠤᠲᠠᠷᠬᠠᠢ ᠪᠠᠶᠢᠵᠤ᠂ ᠭᠡᠷ ᠤᠨ ᠬᠡᠷᠡᠭᠰᠡᠯ᠂ ᠢᠳᠡᠭᠡᠨ ᠤ ᠵᠦᠢᠯ᠂ ᠰᠢᠨᠵᠢᠯᠡᠭᠡ ᠮᠡᠷᠭᠡᠵᠢᠯ᠂ ᠢᠨᠲ᠋ᠧᠷ ᠰᠦᠯᠵᠢᠶ᠎ᠡ ᠵᠡᠷᠭᠡ | ᠡᠯ᠎ᠡ ᠲᠥᠷᠥᠯ ᠤᠨ ᠠᠵᠤ ᠠᠬᠤᠶᠢᠯᠠᠯ ᠳᠤ ᠴᠥᠮ ᠬᠤᠯᠪᠣᠭᠳᠠᠵᠤ ᠪᠠᠶᠢᠨ᠎ᠠ᠃ ᠬᠤᠳᠠᠯᠳᠤᠭᠠᠴᠢᠳ ᠪᠦᠲᠦᠭᠡᠭᠳᠡᠬᠦᠨ ᠤ ᠪᠠᠨ ᠶᠠᠰᠤ ᠴᠢᠨᠠᠷ ᠦᠢᠯᠡᠳᠦᠯ ᠢ | ᠪᠠᠲᠤᠯᠠᠬᠤ ᠶᠢᠨ ᠬᠠᠮᠲᠤ ᠥᠰᠬᠡᠭᠡᠨ ᠳᠥᠰᠬᠡᠭᠡᠨ ᠲᠠᠢ ᠤᠬᠠᠭᠤᠯᠬᠤ ᠶᠢ ᠲᠡᠪᠴᠢᠵᠦ᠂ ᠪᠠᠷᠠᠭᠠᠨ ᠤ ᠦᠨ᠎ᠡ ᠶᠢ ᠬᠤᠳᠠᠯ ᠢᠶᠠᠷ ᠥᠰᠬᠡᠵᠦ᠂ ᠬᠡᠷᠡᠭᠯᠡᠭᠴᠢᠳ ᠲᠤ | ᠢᠲᠡᠭᠡᠯ ᠤᠨ ᠬᠢᠮᠤᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠪᠡ᠃ | ᠵᠢᠱᠢᠭᠰᠡᠨ ᠢᠶᠠᠷ᠂ 2030 ᠣᠨ ᠪᠣᠯᠬᠤ ᠳᠤ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠪᠦᠬᠦ᠋ᠢᠯᠡ ᠵᠠᠬ᠎ᠠ ᠳᠡᠯᠭᠡᠭᠦᠷ ᠤᠨ ᠬᠡᠪᠴᠢᠶ᠎ᠡ | ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ᠃ ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ | ᠳᠠᠷᠤᠭ᠎ᠠ ᠬᠤᠸᠠᠩ ᡁᠢ ᠯᠢ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠢᠷᠡᠭᠡᠳᠦᠢ ᠶᠢᠨ ᠤᠨᠲᠠᠯᠭ᠎ᠠ ᠶᠢᠨ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠴᠢᠭᠯᠡᠯ ᠪᠣᠯᠣᠨ᠎ᠠ ᠭᠡᠵᠦ ᠢᠯᠡᠷᠬᠡᠶᠢᠯᠡᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ ᠲᠠᠭᠠᠯᠳᠤᠨ ᠤᠨᠲᠠᠭᠤᠯᠬᠤ | ᠦᠢᠯᠡᠳᠬᠦᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠂ ᠬᠡᠷᠬᠢᠨ AI ᠵᠡᠷᠭᠡ ᠰᠢᠨ᠎ᠡ ᠮᠡᠷᠭᠡᠵᠢᠯ ᠢ ᠠᠰᠢᠭᠯᠠᠨ ᠳᠠᠭᠤ᠂ ᠭᠡᠷᠡᠯ᠂ ᠴᠠᠬᠢᠯᠭᠠᠨ᠂ ᠰᠣᠷᠢᠨᠵᠢᠨ᠂ | ᠳᠣᠷᠭᠢᠭᠤᠯᠤᠯᠲᠠ᠂ ᠳᠤᠯᠠᠭᠠᠨ ᠤ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠵᠡᠷᠭᠡ ᠵᠢᠷᠤᠮᠯᠠᠯ ᠢᠶᠠᠷ ᠳᠠᠮᠵᠢᠭᠤᠯᠤᠨ ᠤᠨᠲᠠᠯᠭ᠎ᠠ ᠶᠢ ᠰᠠᠶᠢᠵᠢᠷᠠᠭᠤᠯᠬᠤ ᠪᠤᠶ ᠭᠡᠳᠡᠭ ᠪᠣᠯ | ᠢᠷᠡᠭᠡᠳᠦᠢ ᠶᠢᠨ ᠬᠦᠰᠡᠯ ᠪᠠᠷᠠᠯᠠᠯ ᠮᠦᠨ︾ ᠭᠡᠵᠠᠢ᠃ | ᠤᠨᠲᠠᠯᠭ᠎ᠠ ᠳᠤ ᠵᠥᠪ ᠲᠠᠨᠢᠯᠲᠠ ᠲᠠᠢ ᠪᠠᠶᠢᠬᠤ ᠬᠡᠷᠡᠭᠲᠡᠢ | ᠰᠠᠶᠢᠨ ᠳᠠᠳᠬᠠᠯ ᠲᠠᠢ ᠪᠤᠯᠬᠤ ᠨᠢ ᠰᠠᠶᠢᠨ ᠵᠡᠬᠦᠳᠦ ᠶᠢᠨ ᠡᠬᠢᠯᠡᠯ ᠪᠠᠶᠢᠵᠤ ᠮᠡᠳᠡᠨ᠎ᠡ᠃ ᠡᠳᠦᠷ ᠲᠡᠭᠡᠨ ᠳᠠᠩᠴᠤ ᠶᠠᠭᠠᠷᠠᠤ ᠪᠤᠯᠬᠤᠷ ᠰᠦᠨᠢ ᠶᠢᠨ ᠴᠠᠬ ᠢᠶᠠᠨ | ᠠᠰᠢᠬᠯᠠᠨ ᠭᠠᠷ ᠤᠳᠠᠰᠤ ᠤᠷᠤᠯᠳᠤᠬᠤ ᠨᠢ ᠮᠠᠰᠢ ᠤᠯᠠᠨ ᠵᠠᠯᠠᠭᠤᠴᠤᠳ ᠤᠨ ᠳᠠᠳᠬᠠᠯ ᠪᠤᠯᠵᠠᠢ᠃ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠥᠪᠡᠷ ᠲᠡᠭᠡᠨ | ᠰᠦᠯᠵᠢᠶᠡᠨ ᠰᠢᠨᠤᠯ ᠢᠶᠠᠨ ᠲᠠᠶᠠᠬᠳᠠᠬᠤ ᠠᠴᠠ ᠭᠠᠳᠠᠨ᠎ᠠ᠂ ᠬᠦᠳᠡᠯᠮᠦᠷᠢᠴᠢᠳ ᠤᠨ ᠡᠳᠦᠷ ᠳᠤᠳᠤᠮ ᠤᠨ ᠳᠠᠷᠤᠭᠠᠰᠤ ᠶᠢ ᠬᠦᠩᠬᠡᠷᠡᠬᠦᠯᠵᠦ᠂ ᠬᠦᠢᠴᠡᠳ ᠠᠮᠠᠷᠠᠬᠤ | ᠴᠠᠬ ᠢ ᠪᠠᠳᠤᠯᠠᠬᠤ ᠨᠢ ᠡᠬᠢ ᠡᠬᠦᠰᠦᠯ ᠠᠴᠠ ᠨᠢ ᠤᠨᠳᠠᠬᠤ ᠠᠴᠠ ᠡᠮᠦᠨᠡᠬᠢ ᠵᠠᠭᠤᠴᠢ ᠬᠡᠷᠡᠭᠯᠡᠬᠦ ᠶᠢ ᠪᠠᠭᠠᠰᠬᠠᠵᠤ ᠴᠢᠳᠠᠨ᠎ᠠ᠃ | ︽ᠳᠤᠮᠳᠠᠳᠤ ᠤᠯᠤᠰ ᠤᠨ ᠤᠨᠲᠠᠯᠭ᠎ᠠ ᠶᠢᠨ ᠲᠤᠬᠠᠢ ᠰᠤᠳᠤᠯᠭᠠᠨ ᠤ ᠮᠡᠳᠡᠭᠦᠯᠦᠯᠲᠡ 2024︾ ᠳᠤ ᠵᠢᠭᠠᠵᠤ ᠭᠠᠷᠭᠠᠭᠰᠠᠨ ᠢᠶᠠᠷ᠂ ᠢᠨᠲ᠋ᠧᠷ | ᠰᠦᠯᠵᠢᠶᠡᠨ ᠤ ᠲᠤᠭ᠎ᠠ ᠪᠠᠷᠢᠮᠲᠠ ᠶᠢᠨ ᠠᠵᠢᠯᠲᠠᠨ ᠤ ᠠᠵᠢᠯᠯᠠᠬᠤ ᠭᠠᠵᠠᠷ᠂ ᠴᠠᠭ᠂ ᠠᠷᠭ᠎ᠠ ᠮᠠᠶ᠋ᠢᠭ ᠨᠢ ᠬᠠᠷᠢᠴᠠᠩᠭᠤᠢ ᠪᠠᠷ ᠠᠮᠢᠳᠤᠯᠢᠭ ᠪᠠᠶᠢᠵᠤ᠂ ᠠᠵᠢᠯ ᠪᠠ | ᠠᠮᠢᠳᠤᠷᠠᠯ ᠤᠨ ᠵᠠᠭᠠᠭ ᠬᠢᠵᠠᠭᠠᠷ ᠨᠢ ᠲᠣᠳᠣᠷᠬᠠᠢ ᠦᠭᠡᠢ᠂ ᠤᠨᠲᠠᠯᠭ᠎ᠠ ᠶᠢᠨ ᠪᠠᠶᠢᠳᠠᠯ ᠨᠢ ᠠᠵᠢᠯ ᠤᠨ ᠨᠥᠯᠥᠭᠡ ᠶᠢ ᠨᠠᠩ ᠢᠯᠡᠭᠦᠦ ᠭᠥᠷᠳᠡᠳᠡᠭ᠃ ᠪᠥᠬᠦ ᠤᠯᠤᠰ ᠤᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ ᠤᠨ ᠡᠷᠬᠢᠯᠡᠭᠴᠢ ᠯᠢᠦᠢ ᠭᠦᠸᠧ | ᠴᠢᠤᠸᠠᠨ ᠰᠠᠨᠠᠭᠤᠯᠬᠤ ᠳᠠᠭᠠᠨ᠂ ︽ᠰᠦᠯᠵᠢᠶᠡᠨ ᠠᠴᠠ ᠰᠠᠯᠵᠤ ᠠᠮᠠᠷᠠᠬᠤ ᠡᠷᠬᠡ︾ ᠭᠡᠬᠦ ᠤᠬᠠᠭᠳᠠᠬᠤᠨ ᠢ ᠣᠷᠣᠭᠤᠯᠤᠨ ᠠᠪᠴᠢᠷᠠᠵᠤ᠂ ᠬᠥᠳᠡᠯᠮᠦᠷᠢᠴᠢᠳ | ᠠᠵᠢᠯᠯᠠᠬᠤ ᠴᠠᠭ ᠠᠴᠠ ᠭᠠᠳᠠᠨ᠎ᠠ ᠲᠣᠭᠠᠨ ᠤ ᠪᠠᠭᠠᠵᠢ ᠪᠠᠷ ᠳᠠᠮᠵᠢᠭᠤᠯᠤᠨ ᠬᠠᠷᠢᠯᠴᠠᠬᠤ ᠪᠠ ᠠᠵᠢᠯ ᠰᠶᠢᠳᠪᠦᠷᠢᠯᠡᠬᠦ ᠶᠢ ᠲᠡᠪᠴᠢᠵᠦ᠂ ᠭᠦᠢᠴᠡᠳ ᠠᠮᠠᠷᠠᠬᠤ ᠶᠢ | ᠪᠠᠲᠤᠯᠠᠬᠤ ᠡᠷᠬᠡ ᠲᠠᠢ ᠭᠡᠵᠡᠢ᠃ | ᠰᠠᠶᠢᠨ ᠤᠨᠲᠠᠶ᠎ᠠ ᠭᠡᠪᠡᠯ ︽ᠵᠥᠪ ᠠᠵᠢᠯᠯᠠᠭ᠎ᠠ︾ ᠲᠠᠢ ᠪᠠᠶᠢᠬᠤ ᠪᠠᠷ ᠪᠠᠷᠠᠬᠤ ᠦᠭᠡᠢ ᠪᠠᠰᠠ ᠤᠨᠳᠠᠯᠭ᠎ᠠ ᠶᠢᠨ ᠳᠤᠬᠠᠢ ︽ᠵᠥᠪ ᠲᠠᠨᠢᠯᠲᠠ︾ ᠲᠠᠢ ᠪᠠᠶᠢᠬᠤ | ᠬᠡᠷᠡᠭᠳᠡᠢ᠃ ᠨᠦᠢᠷ ᠬᠤᠯᠵᠢᠬᠤ ᠠᠴᠠ ᠠᠶᠤᠵᠤ ᠡᠮᠢᠶᠡᠬᠦ ᠨᠢ ᠵᠠᠷᠢᠮ ᠳᠠᠭᠠᠨ ᠨᠦᠢᠷ ᠬᠤᠯᠵᠢᠬᠤ ᠠᠴᠠ ᠨᠠᠩ ᠠᠶᠤᠮᠰᠢᠭᠲᠠᠢ᠃ | ︽ᠤᠨᠲᠠᠯᠭ᠎ᠠ ᠶᠢᠨ ᠡᠮᠴᠢ ᠪᠣᠯᠤᠭᠰᠠᠨ ᠤ ᠬᠤᠪᠢ ᠳᠤ ᠪᠢᠳᠡ ᠶᠡᠷᠦ ᠨᠢ ᠨᠦᠢᠷ ᠬᠤᠯᠵᠢᠬᠤ ᠶᠢᠨ ᠬᠤᠣᠷ ᠬᠥᠨᠥᠭᠡᠯ ᠢ ᠳᠡᠮᠡᠢ ᠴᠢᠬᠤᠯᠠᠴᠢᠯᠠᠬᠤ ᠦᠭᠡᠢ ᠪᠤᠶᠤ | ᠶᠡᠬᠡᠰᠬᠡᠳᠡᠭ ᠦᠭᠡᠢ᠂ ᠡᠰᠡ ᠲᠡᠭᠡᠪᠡᠯ ᠡᠪᠡᠳᠴᠢᠲᠡᠨ ᠢ ᠠᠳᠡᠭᠦᠷᠡᠯ ᠵᠦᠭ ᠬᠦᠳᠦᠯᠵᠦ᠂ ᠲᠡᠳᠡᠨ ᠢᠶᠠᠷ ᠨᠦᠢᠷ ᠬᠤᠯᠵᠢᠬᠤ ᠶᠠᠪᠤᠳᠠᠯ ᠢ ᠲᠠᠰᠤᠷᠠᠯᠲᠠ ᠦᠭᠡᠢ | ᠠᠩᠬᠠᠷᠤᠭᠤᠯᠳᠠᠭ ᠮᠥᠷᠲᠡᠭᠡᠨ ᠨᠦᠢᠷ ᠬᠤᠯᠵᠢᠬᠤ ᠬᠡᠮᠵᠢᠶ᠎ᠡ ᠶᠢ ᠨᠢ ᠬᠦᠨᠳᠦᠷᠡᠭᠦᠯᠳᠡᠭ︾ ᠭᠡᠵᠦ ᠱᠧᠨᠵᠧᠨ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ | ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠡᠷᠬᠢᠯᠡᠭᠴᠢ ᠡᠮᠴᠢ ᠸᠠᠩ ᠶᠠᠩ ᠲᠠᠨᠢᠯᠴᠠᠭᠤᠯᠪᠠ᠃ ᠲᠡᠷᠡ ᠪᠠᠰᠠ ᠤᠨᠲᠠᠯᠭ᠎ᠠ ᠶᠢᠨ ᠲᠤᠬᠠᠢ ᠵᠥᠪ ᠪᠤᠰᠤ | ᠲᠠᠨᠢᠯᠲᠠ ᠨᠢ ᠲᠦᠷᠭᠡᠨ ᠴᠢᠨᠠᠷᠲᠠᠢ ᠨᠦᠢᠷ ᠬᠤᠯᠵᠢᠬᠤ ᠶᠢ ᠣᠷᠳᠣ ᠬᠤᠭᠤᠴᠠᠭ᠎ᠠ ᠪᠠᠷ ᠨᠦᠢᠷ ᠬᠤᠯᠵᠢᠬᠤ ᠪᠣᠯᠭᠠᠵᠤ ᠮᠡᠳᠡᠨ᠎ᠡ᠃ ᠡᠶᠢᠮᠦ ᠠᠴᠠ ᠨᠦᠢᠷ ᠬᠤᠯᠵᠢᠭᠰᠠᠨ | ᠰᠢᠯᠲᠠᠭᠠᠨ ᠤ ᠲᠤᠬᠠᠢ ᠪᠣᠳᠣᠯᠭᠠᠰᠢᠷᠠᠯ ᠠᠴᠠ ᠠᠩᠭᠢᠵᠢᠷᠠᠵᠤ᠂ ᠬᠡᠲᠦᠷᠡᠮᠡᠳᠡᠬᠡᠢ ᠠᠶᠤᠵᠤ ᠵᠤᠪᠠᠭ᠋ᠤ ᠪᠠᠶᠢᠳᠠᠯ ᠡᠬᠦᠰᠬᠦ ᠠᠴᠠ ᠵᠠᠶᠢᠯᠠᠰᠬᠢᠬᠦ ᠬᠡᠷᠡᠭᠳᠡᠢ᠃ | ︽ᠥᠩᠭᠡᠷᠡᠭᠰᠡᠨ ᠳᠤ ᠮᠠᠰᠢ ᠣᠯᠠᠨ ᠬᠥᠮᠥᠰ ᠤᠨᠲᠠᠬᠤ ᠠᠰᠠᠭᠤᠳᠠᠯ ᠠᠴᠠ ᠵᠠᠶᠢᠯᠠᠳᠠᠭ᠂ ᠪᠠᠶᠠᠷᠯᠠᠭᠤᠰᠢᠲᠠᠢ ᠨᠢ ᠰᠤᠷᠭᠠᠭᠤᠯᠢ᠂ ᠨᠡᠶᠢᠭᠡᠮ ᠲᠣᠭᠤᠷᠢᠭ ᠤᠨ | ᠰᠡᠳᠬᠢᠴᠡ ᠶᠢᠨ ᠯᠠᠪᠯᠠᠯᠲᠠ ᠶᠢᠨ ᠲᠠᠰᠤᠭ ᠤᠨ ᠲᠦᠭᠡᠮᠡᠯᠵᠢᠬᠦ ᠵᠢᠴᠢ ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠡᠭᠦᠳᠡᠨ ᠡᠮᠨᠡᠯᠭᠡ ᠶᠢᠨ ᠪᠤᠢ ᠪᠤᠯᠬᠤ ᠶᠢ ᠳᠠᠭᠠᠯᠳᠤᠨ᠂ | ᠤᠨᠲᠠᠯᠭ᠎ᠠ ᠶᠢᠨ ᠴᠢᠬᠤᠯᠠ ᠴᠢᠨᠠᠷ ᠢ ᠬᠥᠮᠥᠰ ᠤᠯᠠᠮ ᠠᠴᠠ ᠤᠯᠠᠮ ᠲᠠᠨᠢᠵᠤ ᠡᠬᠢᠯᠡᠵᠡᠢ︾ ᠭᠡᠵᠦ ᠯᠦ ᠯᠢᠨ ᠶᠠᠷᠢᠯ᠎ᠠ᠃ ᠬᠦᠨᠳᠦ ᠨᠣᠴᠢᠲᠠᠢ ᠤᠨᠲᠠᠯᠭ᠎ᠠ ᠶᠢᠨ | ᠠᠰᠠᠭᠤᠳᠠᠯ ᠭᠠᠷᠤᠭᠰᠠᠨ ᠡᠪᠡᠳᠴᠢᠲᠡᠨ ᠴᠠᠭ ᠲᠤᠬᠠᠢ ᠳᠤᠨᠢ ᠡᠮᠨᠡᠭᠦᠯᠬᠦ ᠶᠢᠨ ᠬᠠᠮᠲᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠰᠠᠶᠢᠨ ᠰᠠᠶᠢᠬᠠᠨ | ᠠᠮᠢᠳᠤᠷᠠᠯ ᠤᠨ ᠪᠠ ᠤᠨᠲᠠᠯᠭ᠎ᠠ ᠶᠢᠨ ᠳᠠᠳᠬᠠᠯ ᠢ ᠪᠣᠶ ᠪᠣᠯᠭᠠᠬᠤ ᠬᠡᠷᠡᠭᠲᠡᠢ᠂ ᠡᠭᠦᠨ ᠳᠤ ᠤᠨᠲᠠᠬᠤ ᠠᠴᠠ ᠪᠠᠨ ᠡᠮᠦᠨ᠎ᠡ ᠰᠠᠨᠠᠭ᠎ᠠ ᠰᠡᠳᠬᠢᠯ ᠢᠶᠠᠨ ᠲᠠᠶᠢᠪᠤᠰᠢᠷᠠᠭᠤᠯᠬᠤ᠂ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠤᠭᠤᠯᠠᠯᠠᠬᠤ᠂ ᠳᠤᠬᠢᠷᠠᠮᠵᠢᠳᠠᠢ ᠬᠥᠳᠡᠯᠭᠡᠭᠡᠨ ᠬᠢᠵᠦ ᠪᠣᠯᠪᠠᠰᠤᠷᠠᠬᠤ ᠵᠡᠷᠭᠡ ᠪᠠᠭᠲᠠᠨ᠎ᠠ᠃ | |