ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ | ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ ᠪᠠᠲᠠᠭᠠᠨ᠎ᠠ ᠵᠡᠷᠭᠡ ᠰᠢᠯᠲᠠᠭᠠᠨ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ | ᠡᠶᠢᠮᠦ ᠠᠴᠠ ᠵᠣᠨ ᠤ ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ ᠵᠣᠨ ᠤ ᠤᠯᠠᠷᠢᠯ ᠳᠤ ᠠᠯᠠᠰᠢᠨ | ᠦᠬᠡᠷ ᠤᠨ ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ ᠯᠠᠪᠯᠠᠯᠲᠠ ᠪᠣᠯᠭᠠᠶ᠎ᠠ᠃ | 1. ᠮᠣᠳᠣᠨ ᠤ ᠰᠡᠭᠦᠳᠡᠷ ᠢᠶᠠᠷ ᠬᠠᠯᠠᠭᠤᠨ ᠢ ᠬᠠᠯᠬᠠᠯᠠᠨ᠂ ᠰᠠᠯᠬᠢ ᠵᠢᠪᠠᠷ ᠨᠡᠪᠲᠡᠷᠡᠭᠦᠯᠦᠨ ᠤᠰᠤ ᠰᠦᠷᠴᠢᠵᠦ ᠤᠬᠢᠶᠠᠨ᠎ᠠ᠃ ᠤᠮᠠᠷᠠᠲᠤ ᠣᠷᠣᠨ ᠳᠤ | ᠠᠯᠠᠰᠢᠨ ᠦᠬᠡᠷ ᠤᠨ ᠬᠠᠰᠢᠶ᠎ᠠ ᠶᠢᠨ ᠣᠯᠠᠩᠬᠢ ᠨᠢ ᠬᠠᠭᠠᠰ ᠪᠢᠲᠡᠭᠦᠮᠵᠢᠯᠡᠭᠰᠡᠨ ᠬᠡᠯᠪᠡᠷᠢ ᠲᠠᠢ ᠪᠠᠶᠢᠵᠤ᠂ ᠲᠡᠭᠦᠨ ᠤ ᠬᠡᠷᠡᠯ ᠬᠠᠯᠬᠠᠯᠠᠬᠤ ᠦᠢᠯᠡᠳᠦᠯ ᠨᠢ ᠨᠡᠯᠢᠶᠡᠳ | ᠰᠠᠶᠢᠨ ᠪᠠᠶᠢᠳᠠᠭ᠃ ᠦᠬᠡᠷ ᠤᠨ ᠬᠠᠰᠢᠶᠠᠨ ᠤ ᠬᠤᠭᠤᠷᠣᠨᠳᠤ ᠮᠣᠳᠣ ᠵᠠᠶᠢᠯᠠᠬᠤ ᠪᠤᠶᠤ ᠵᠡᠯ᠎ᠡ ᠤᠷᠭᠤᠮᠠᠯ ᠢ ᠳᠠᠷᠢᠪᠠᠯ ᠬᠠᠯᠠᠭᠤᠨ ᠢ ᠬᠠᠯᠬᠠᠯᠠᠳᠠᠭ᠃ ᠰᠠᠯᠬᠢ ᠨᠡᠪᠲᠡᠷᠡᠬᠦ | ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠬᠠᠰᠢᠶ᠎ᠠ ᠰᠠᠷᠠᠪᠴᠢᠨ ᠳᠤ ᠰᠡᠩᠰᠡ ᠤᠭᠰᠠᠷᠠᠵᠤ᠂ ᠠᠭᠠᠷ ᠤᠨ ᠤᠷᠤᠰᠬᠠᠯ ᠢ ᠨᠡᠮᠡᠭᠳᠡᠭᠦᠯᠦᠨ᠂ ᠰᠠᠷᠠᠪᠴᠢ ᠶᠢᠨ ᠳᠤᠯᠠᠭᠠᠨ ᠢ | ᠳᠣᠷᠣᠭᠰᠢᠯᠠᠭᠤᠯᠤᠨ᠎ᠠ᠃ ᠪᠠᠰᠠ ᠤᠰᠤᠨ ᠰᠦᠷᠴᠢᠭᠦᠷ ᠤᠨ ᠲᠥᠬᠦᠭᠡᠷᠦᠮᠵᠢ ᠶᠢ ᠤᠭᠰᠠᠷᠠᠵᠤ᠂ ᠠᠭᠠᠷ ᠤᠨ ᠳᠤᠯᠠᠭᠠᠨ ᠥᠨᠳᠥᠷ ᠮᠥᠷᠲᠡᠭᠡᠨ ᠬᠠᠭᠤᠷᠠᠢ ᠦᠶ᠎ᠡ ᠳᠤ | ᠤᠰᠤᠨ ᠰᠦᠷᠴᠢᠭᠦᠷ ᠢ ᠰᠡᠩᠰᠡ ᠲᠠᠢ ᠬᠠᠮᠲᠤ ᠳᠤᠨᠢ ᠬᠡᠷᠡᠭᠯᠡᠨ᠎ᠡ᠃ | 2. ᠡᠳᠦᠷ ᠤᠨ ᠲᠡᠵᠢᠭᠡᠯ ᠪᠣᠷᠳᠣᠭᠠᠨ ᠳᠤ ᠲᠣᠬᠢᠷᠠᠭᠤᠯᠤᠯᠲᠠ ᠬᠢᠵᠦ᠂ ᠴᠠᠬᠢᠯᠭᠠᠨ ᠵᠠᠳᠠᠯᠤᠭᠳᠠᠬᠤᠨ ᠢ ᠵᠣᠬᠢᠰᠲᠠᠢ ᠨᠥᠬᠦᠪᠦᠷᠢᠯᠡᠬᠦ ᠬᠡᠷᠡᠭᠲᠡᠢ᠃ ᠠᠭᠠᠭᠢᠮ᠎ᠠ | ᠬᠠᠯᠠᠭᠤᠨ ᠵᠤᠨ ᠤ ᠤᠯᠠᠷᠢᠯ ᠳᠤ ᠡᠳᠦᠷ ᠤᠨ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠠᠭᠤᠯᠤᠭᠳᠠᠴᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠪᠦᠳᠦᠭᠦᠨ | ᠰᠢᠷᠬᠡᠭᠯᠢᠭ ᠲᠡᠵᠢᠭᠡᠯ ᠤᠨ ᠬᠡᠮᠵᠢᠶ᠎ᠡ ᠶᠢ ᠪᠠᠭᠠᠰᠬᠠᠵᠤ᠂ ᠤᠭᠤᠷᠠᠭ ᠪᠣᠯᠣᠨ ᠴᠡᠪᠡᠷ ᠡᠨᠧᠷᠭᠢ ᠶᠢ ᠰᠢᠩᠭᠡᠬᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠳᠦᠷ ᠤᠨ | ᠲᠡᠵᠢᠭᠡᠯ ᠪᠣᠷᠳᠣᠭᠠᠨ ᠳᠠᠬᠢ ᠤᠭᠤᠷᠠᠭ ᠤᠨ ᠠᠭᠤᠯᠤᠭᠳᠠᠴᠠ ᠶᠢ 1% — 2% ᠢᠶᠠᠷ ᠨᠡᠮᠡᠭᠳᠡᠭᠦᠯᠵᠦ᠂ ᠡᠨᠧᠷᠭᠢ ᠶᠢᠨ ᠲᠡᠵᠢᠭᠡᠯ ᠪᠣᠷᠳᠤᠭ᠎ᠠ ᠶᠢ ᠬᠠᠷᠢᠴᠠᠩᠭᠤᠢ ᠪᠠᠷ | ᠪᠠᠭᠠᠰᠬᠠᠵᠤ᠂ ᠴᠢᠳᠠᠬᠤ ᠶᠢᠨ ᠬᠢᠷᠢ ᠪᠠᠷ ᠨᠣᠭᠤᠭᠠᠨ ᠰᠢᠭᠦᠰᠦᠯᠢᠭ ᠲᠡᠵᠢᠭᠡᠯ ᠪᠣᠷᠳᠤᠭ᠎ᠠ ᠪᠠᠷ ᠢᠯᠡᠭᠦᠬᠡᠨ ᠲᠡᠵᠢᠭᠡᠵᠦ᠂ ᠢᠯᠴᠢ ᠶᠢᠨ ᠬᠤᠷᠣᠭᠳᠠᠯ ᠢ ᠪᠠᠭᠠᠰᠬᠠᠨ᠎ᠠ᠃ | ᠠᠮᠢᠰᠬᠤᠭ᠎ᠠ ᠪᠠ ᠬᠥᠯᠥᠰᠦ ᠭᠠᠷᠬᠤ ᠬᠡᠮᠵᠢᠶ᠎ᠡ ᠨᠡᠮᠡᠭᠳᠡᠳᠡᠭ ᠠᠴᠠ ᠴᠠᠬᠢᠯᠭᠠᠨ ᠵᠠᠳᠠᠯᠤᠭᠳᠠᠬᠤᠨ ᠪᠠ ᠸᠢᠲ᠋ᠠᠮᠢᠨ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡᠯ ᠵᠣᠬᠢᠨ᠎ᠠ᠃ | ᠵᠣᠨ ᠤ ᠤᠯᠠᠷᠢᠯ ᠤᠨ ᠥᠨᠳᠥᠷ ᠬᠠᠯᠠᠭᠤᠨ ᠳᠤ᠂ ᠠᠯᠠᠰᠢᠨ ᠦᠬᠡᠷ ᠤᠨ ᠣᠯᠠᠩᠬᠢ ᠨᠢ ᠰᠥᠨᠢ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠦᠶ᠎ᠡ ᠳᠤ ᠬᠥᠳᠡᠯᠭᠡᠭᠡᠨ | ᠬᠢᠵᠦ ᠢᠳᠡᠰᠢᠯᠡᠨ᠎ᠡ᠂ ᠣᠷᠣᠢ ᠠᠮᠠᠷᠠᠬᠤ ᠠᠴᠠ ᠡᠮᠦᠨ᠎ᠡ᠂ ᠠᠯᠠᠰᠢᠨ ᠦᠬᠡᠷ ᠤᠨ ᠬᠠᠰᠢᠶᠠᠨ ᠳᠤ ᠲᠡᠵᠢᠭᠡᠯ ᠪᠣᠷᠳᠣᠭᠠᠨ ᠤ ᠵᠦᠢᠯ ᠢᠶᠠᠨ ᠭᠦᠢᠴᠡᠳ ᠬᠢᠪᠡᠯ ᠪᠣᠯᠴᠢᠬᠠᠨ᠎ᠠ᠃ | ᠠᠯᠠᠰᠢᠨ ᠦᠬᠡᠷ ᠢᠳᠡᠭᠰᠡᠨ ᠤ ᠳᠠᠷᠠᠭ᠎ᠠ᠂ ᠨᠢᠭᠡ ᠡᠳᠦᠷ ᠲᠤ 18 ᠴᠠᠭ ᠤᠨᠲᠠᠵᠤ ᠲᠠᠶᠢᠯᠤᠨ᠎ᠠ᠂ ᠡᠨᠡ ᠨᠢ ᠠᠯᠠᠰᠢᠨ ᠦᠬᠡᠷ ᠤᠨ ᠬᠦᠨᠳᠦ ᠶᠢᠨ ᠨᠡᠮᠡᠭᠳᠡᠯ ᠳᠤ | ᠠᠰᠢᠭᠲᠠᠢ᠃ ᠠᠯᠠᠰᠢᠨ ᠦᠬᠡᠷ ᠢ ᠵᠣᠨ ᠤ ᠤᠯᠠᠷᠢᠯ ᠤᠨ ᠥᠨᠳᠥᠷ ᠬᠠᠯᠠᠭᠤᠨ ᠳᠤ ᠮᠠᠰᠢ ᠲᠦᠷᠭᠡᠨ ᠢᠶᠠᠷ ᠲᠠᠷᠭᠤᠯᠠᠭᠤᠯᠤᠶᠠ ᠭᠡᠪᠡᠯ᠂ ᠣᠷᠣᠢ ᠪᠦᠷᠢ 3 ᠤᠳᠠᠭ᠎ᠠ | ᠲᠡᠵᠢᠭᠡᠬᠦ ᠠᠷᠭ᠎ᠠ ᠶᠢ ᠬᠡᠷᠡᠭᠯᠡᠵᠦ᠂ ᠣᠷᠣᠢ ᠶᠢᠨ 7 ᠴᠠᠭ᠂ ᠰᠥᠨᠢ ᠶᠢᠨ 11 ᠴᠠᠭ᠂ ᠥᠷᠯᠥᠭᠡ ᠶᠢᠨ 4 ᠴᠠᠭ ᠲᠤ ᠲᠣᠰ ᠪᠦᠷᠢ ᠨᠢᠭᠡ ᠤᠳᠠᠭ᠎ᠠ ᠲᠡᠵᠢᠭᠡᠯ | ᠪᠣᠷᠳᠤᠭ᠎ᠠ ᠢᠳᠡᠭᠦᠯᠵᠦ᠂ ᠡᠳᠦᠷ ᠲᠡᠭᠡᠨ ᠦᠳᠡ ᠶᠢᠨ ᠡᠮᠦᠨᠡᠬᠢ 10 ᠴᠠᠭ ᠪᠠ ᠦᠳᠡ ᠶᠢᠨ ᠬᠤᠶᠢᠨᠠᠬᠢ 2 ᠴᠠᠭ ᠬᠠᠭᠠᠰ ᠲᠤ ᠲᠣᠰ ᠪᠦᠷᠢ 0.5% ᠶᠢᠨ | ᠳᠠᠪᠤᠰᠤ ᠲᠠᠢ ᠤᠰᠤ ᠪᠠᠷ ᠨᠢᠭᠡ ᠤᠳᠠᠭ᠎ᠠ ᠤᠰᠤᠯᠠᠪᠠᠯ ᠪᠣᠯᠴᠢᠬᠠᠨ᠎ᠠ᠃ | 3. ᠥᠨᠳᠥᠷ ᠬᠠᠯᠠᠭᠤᠨ ᠠᠴᠠ ᠵᠠᠶᠢᠯᠠᠵᠤ ᠲᠡᠵᠢᠭᠡᠨ ᠠᠷᠠᠴᠢᠯᠠᠵᠤ᠂ ᠣᠯᠠᠨ ᠲᠡᠵᠢᠭᠡᠵᠦ ᠣᠯᠠᠨ ᠤᠰᠤᠯᠠᠨ᠎ᠠ᠃ ᠦᠬᠡᠷ ᠤᠨ ᠢᠳᠡᠰᠢ ᠠᠪᠤᠭᠰᠠᠨ ᠤ | ᠳᠠᠷᠠᠭᠠᠬᠢ 2 — 3 ᠴᠠᠭ ᠪᠣᠯ ᠢᠯᠴᠢ ᠶᠢᠨ ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠮᠥᠨ᠂ ᠡᠶᠢᠮᠦ ᠠᠴᠠ ᠲᠡᠵᠢᠭᠡᠬᠦ ᠴᠠᠭ ᠤᠨ | ᠲᠠᠯ᠎ᠠ ᠪᠠᠷ ᠢᠯᠴᠢ ᠶᠢᠨ ᠡᠨᠧᠷᠭᠢ ᠶᠢᠨ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠪᠠ ᠠᠭᠠᠷ ᠤᠨ ᠳᠤᠯᠠᠭᠠᠨ ᠤ ᠣᠷᠭᠢᠯ ᠤᠨ ᠬᠤᠭᠤᠴᠠᠭ᠎ᠠ ᠳᠠᠪᠬᠤᠴᠠᠬᠤ ᠠᠴᠠ | ᠠᠯᠢ ᠴᠢᠳᠠᠬᠤ ᠪᠠᠷ ᠵᠠᠶᠢᠯᠠᠰᠬᠢᠵᠦ᠂ ᠨᠢᠭᠡ ᠡᠳᠦᠷ ᠤᠨ ᠳᠣᠲᠣᠷᠠᠬᠢ ᠳᠤᠯᠠᠭᠠᠨ ᠤ ᠬᠡᠮᠵᠢᠶ᠎ᠡ ᠬᠠᠷᠢᠴᠠᠩᠭᠤᠢ ᠳᠣᠣᠷ᠎ᠠ ᠴᠠᠭ ᠢ ᠰᠣᠩᠭᠤᠵᠤ ᠲᠡᠵᠢᠭᠡᠬᠦ ᠬᠡᠷᠡᠭᠲᠡᠢ᠃ | 60% — 70% ᠶᠢᠨ ᠡᠳᠦᠷ ᠤᠨ ᠲᠡᠵᠢᠭᠡᠯ ᠪᠣᠷᠳᠤᠭ᠎ᠠ ᠶᠢ ᠣᠷᠣᠢ ᠶᠢᠨ 8 ᠴᠠᠭ ᠠᠴᠠ ᠬᠤᠶᠠᠳᠤᠭᠠᠷ ᠡᠳᠦᠷ ᠤᠨ ᠥᠷᠯᠥᠭᠡ ᠶᠢᠨ 8 ᠴᠠᠭ ᠤᠨ ᠬᠤᠭᠤᠷᠣᠨᠳᠤ | ᠲᠡᠵᠢᠭᠡᠵᠦ ᠪᠣᠯᠣᠨ᠎ᠠ᠂ ᠢᠯᠠᠩᠭᠤᠶ᠎ᠠ ᠪᠦᠳᠦᠭᠦᠯᠢᠭ ᠪᠣᠷᠳᠤᠭ᠎ᠠ ᠶᠢ ᠣᠷᠣᠢ ᠶᠢᠨ 8 ᠴᠠᠭ᠂ ᠥᠷᠯᠥᠭᠡ ᠶᠢᠨ 5 ᠴᠠᠭ ᠠᠴᠠ ᠡᠮᠦᠨ᠎ᠡ ᠲᠣᠬᠢᠷᠠᠭᠤᠯᠵᠤ ᠪᠣᠯᠣᠨ᠎ᠠ᠃ | ᠡᠭᠦᠨ ᠤ ᠬᠠᠮᠲᠤ 3 ᠤᠳᠠᠭ᠎ᠠ ᠲᠡᠵᠢᠭᠡᠵᠦ ᠪᠠᠶᠢᠭᠰᠠᠨ ᠢᠶᠠᠨ 4 ᠤᠳᠠᠭ᠎ᠠ ᠲᠡᠵᠢᠭᠡᠬᠦ ᠪᠣᠯᠭᠠᠨ ᠥᠭᠡᠷᠡᠴᠢᠯᠡᠵᠦ᠂ ᠰᠥᠨᠢ ᠳᠡᠭᠡᠨ ᠨᠢᠭᠡ ᠤᠳᠠᠭ᠎ᠠ ᠨᠥᠬᠦᠵᠦ ᠲᠡᠵᠢᠭᠡᠨ᠎ᠡ᠃ | ᠣᠯᠠᠨ ᠤᠳᠠᠭ᠎ᠠ ᠤᠰᠤᠯᠠᠬᠤ ᠦᠶ᠎ᠡ ᠳᠤ 0.5% ᠶᠢᠨ ᠳᠠᠪᠤᠰᠤ ᠨᠡᠮᠡᠨ᠎ᠡ᠃ ᠵᠣᠨ ᠤ ᠤᠯᠠᠷᠢᠯ ᠳᠤ ᠠᠯᠠᠰᠢᠨ ᠦᠬᠡᠷ ᠤᠨ ᠤᠤᠭᠤᠬᠤ ᠤᠰᠤ ᠨᠢ ᠨᠡᠯᠢᠶᠡᠳ ᠠᠷᠪᠢᠨ | ᠪᠠᠶᠢᠳᠠᠭ᠂ ᠡᠭᠦᠨ ᠤ ᠳᠣᠲᠣᠷ᠎ᠠ ᠬᠥᠬᠦᠭᠦᠯᠵᠦ ᠪᠠᠶᠢᠭ᠎ᠠ ᠠᠯᠠᠰᠢᠨ ᠦᠨᠢᠶ᠎ᠡ ᠪᠠ ᠲᠤᠭᠤᠯ ᠤᠨ ᠬᠡᠷᠡᠭᠰᠡᠬᠦ ᠤᠰᠤᠨ ᠤ ᠬᠡᠮᠵᠢᠶ᠎ᠡ ᠨᠢ ᠨᠠᠩ ᠶᠡᠭᠡ ᠪᠠᠶᠢᠳᠠᠭ᠂ ᠡᠶᠢᠮᠦ ᠠᠴᠠ | ᠵᠣᠨ ᠤ ᠤᠯᠠᠷᠢᠯ ᠳᠤ ᠰᠢᠩᠭᠡᠨ ᠲᠡᠵᠢᠭᠡᠯ ᠢᠶᠠᠷ ᠲᠡᠵᠢᠭᠡᠪᠡᠯ ᠬᠠᠮᠤᠭ ᠤᠨ ᠰᠠᠶᠢᠨ ᠪᠠᠶᠢᠳᠠᠭ᠃ ᠬᠠᠰᠢᠶᠠᠨ ᠳᠠᠭᠠᠨ ᠰᠠᠪᠠ ᠪᠤᠶᠤ ᠤᠰᠤᠨ ᠣᠩᠭᠤᠴᠠ ᠲᠠᠯᠪᠢᠵᠤ᠂ ᠴᠠᠭ | ᠲᠤᠬᠠᠢ ᠳᠤᠨᠢ ᠴᠡᠪᠡᠷ ᠤᠰᠤ ᠬᠠᠩᠭᠠᠨ᠎ᠠ᠃ ᠥᠨᠳᠥᠷ ᠬᠠᠯᠠᠭᠤᠨ ᠤ ᠪᠠᠶᠢᠳᠠᠯ ᠳᠣᠣᠷ᠎ᠠ᠂ ᠠᠯᠠᠰᠢᠨ ᠦᠬᠡᠷ ᠤᠨ ᠬᠠᠰᠢᠶᠠᠨ ᠳᠤ ᠨᠢᠭᠡ ᠨᠦᠬᠡ ᠮᠠᠯᠲᠠᠵᠤ᠂ | ᠬᠤᠳᠳᠤᠭ ᠤᠨ ᠬᠦᠢᠲᠡᠨ ᠤᠰᠤ ᠶᠢ ᠭᠦᠢᠴᠡᠳ ᠴᠢᠳᠬᠤᠵᠤ᠂ ᠦᠬᠡᠷ ᠤᠨ ︽ᠬᠥᠯᠪᠡᠷᠢᠬᠦ ᠰᠢᠪᠠᠷ︾ ᠢ ᠬᠠᠩᠭᠠᠨ᠎ᠠ᠂ ᠭᠡᠪᠡᠴᠦ ᠬᠤᠳᠳᠤᠭ ᠤᠨ ᠬᠦᠢᠲᠡᠨ ᠤᠰᠤ ᠶᠢ | ᠰᠢᠭᠤᠳ ᠠᠯᠠᠰᠢᠨ ᠦᠬᠡᠷ ᠤᠨ ᠪᠡᠶ᠎ᠡ ᠳᠡᠭᠡᠷ᠎ᠡ ᠠᠰᠬᠠᠵᠤ ᠶᠠᠭᠠᠬᠢᠭᠰᠠᠨ ᠴᠤ ᠪᠣᠯᠬᠤ ᠦᠭᠡᠢ᠃ | 4. ᠬᠠᠯᠠᠭᠤᠨ ᠢ ᠠᠷᠢᠯᠭᠠᠬᠤ ᠴᠡᠪᠡᠷ ᠪᠣᠷᠳᠤᠭ᠎ᠠ ᠪᠠᠷ ᠢᠯᠡᠭᠦᠬᠡᠨ ᠲᠡᠵᠢᠭᠡᠨ᠎ᠡ | ᠦᠷᠭᠦᠯᠵᠢ ᠲᠣᠬᠢᠶᠠᠯᠳᠤᠳᠠᠭ ᠨᠢ ᠪᠤᠭᠤᠳᠠᠢ ᠶᠢᠨ ᠬᠡᠪᠡᠭ᠂ ᠪᠤᠷᠴᠠᠭ ᠤᠨ ᠪᠣᠣᠪᠤ᠂ ᠯᠣᠬᠠᠱᠧᠩ ᠤᠨ ᠪᠣᠣᠪᠤ᠂ ᠬᠢᠮᠡᠯ ᠳᠠᠪᠤᠰᠤ᠂ ᠯᠠᠩᠭᠤᠸᠠ ᠵᠡᠷᠭᠡ ᠶᠢ | ᠨᠥᠬᠦᠴᠡᠯ ᠢᠶᠠᠨ ᠦᠨᠳᠦᠰᠦᠯᠡᠵᠦ ᠳᠤᠷ᠎ᠠ ᠪᠠᠷ ᠢᠶᠠᠨ ᠨᠡᠮᠡᠵᠦ᠂ ᠰᠢᠰᠢ᠂ ᠬᠠᠲᠠᠭᠠᠮᠠᠯ᠂ ᠬᠥᠪᠥᠩ ᠤᠨ ᠰᠦᠷᠡᠯ ᠪᠠ ᠪᠠᠵᠢᠮᠠᠭ ᠵᠡᠷᠭᠡ ᠬᠠᠯᠠᠭᠤᠨ ᠴᠢᠨᠠᠷ ᠲᠠᠢ | ᠪᠣᠷᠳᠤᠭ᠎ᠠ ᠶᠢ ᠴᠢᠳᠠᠬᠤ ᠶᠢᠨ ᠬᠢᠷᠢ ᠪᠠᠷ ᠪᠠᠭ᠎ᠠ ᠲᠡᠵᠢᠭᠡᠨ᠎ᠡ᠃ | |