ᠵᠣᠨ ᠤ ᠤᠯᠠᠷᠢᠯ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠪᠠᠶᠢᠬᠤ ᠨᠢ ᠠᠯᠠᠰᠢᠨ ᠦᠬᠡᠷ ᠲᠤ ᠠᠪᠴᠤ ᠬᠡᠯᠡᠪᠡᠯ ᠮᠠᠰᠢ ᠶᠡᠭᠡ ᠰᠢᠯᠭᠠᠯᠲᠠ ᠪᠣᠯᠣᠨ᠎ᠠ᠂ | ᠤᠴᠢᠷ ᠨᠢ ᠵᠣᠨ ᠤ ᠤᠯᠠᠷᠢᠯ ᠤᠨ ᠥᠨᠳᠥᠷ ᠳᠤᠯᠠᠭᠠᠨ᠂ ᠢᠯᠠᠭ᠎ᠠ ᠪᠠᠲᠠᠭᠠᠨ᠎ᠠ ᠵᠡᠷᠭᠡ ᠠᠴᠠ ᠠᠯᠠᠰᠢᠨ ᠦᠬᠡᠷ ᠤᠨ ᠢᠳᠡᠭᠡᠨ ᠤ ᠳᠤᠷᠠᠰᠢᠯ ᠮᠠᠭᠤᠳᠠᠳᠠᠭ᠂ ᠡᠶᠢᠮᠦ ᠠᠴᠠ | ᠵᠣᠨ ᠤ ᠤᠯᠠᠷᠢᠯ ᠳᠤ ᠬᠠᠮᠢᠶᠠᠷᠤᠯᠲᠠ ᠵᠣᠬᠢᠰ ᠦᠭᠡᠢ ᠪᠣᠯ ᠠᠯᠠᠰᠢᠨ ᠦᠬᠡᠷ ᠠᠮᠠᠷᠬᠠᠨ ᠡᠴᠡᠳᠡᠭ᠂ ᠳᠣᠣᠷ᠎ᠠ ᠪᠢᠳᠡ ᠵᠣᠨ ᠤ ᠤᠯᠠᠷᠢᠯ ᠳᠤ ᠠᠯᠠᠰᠢᠨ ᠦᠬᠡᠷ ᠤᠨ | ᠪᠣᠷᠳᠣᠵᠤ ᠲᠠᠷᠭᠤᠯᠠᠭᠤᠯᠬᠤ ᠠᠷᠭ᠎ᠠ ᠶᠢ ᠲᠠᠨᠢᠯᠴᠠᠭᠤᠯᠵᠤ ᠣᠯᠠᠨ ᠳᠤ ᠯᠠᠪᠯᠠᠯᠲᠠ ᠪᠣᠯᠭᠠᠶ᠎ᠠ᠃ | 5. ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠨᠡᠮᠡᠨ᠎ᠡ | ᠲᠡᠵᠢᠭᠡᠯ ᠪᠣᠷᠳᠣᠭᠠᠨ ᠤ ᠨᠡᠮᠡᠯᠲᠡ ᠡᠳ᠋ ᠨᠢ ᠵᠤᠨ ᠤ ᠤᠯᠠᠷᠢᠯ ᠤᠨ ᠬᠠᠯᠠᠭᠤᠨ ᠢ ᠡᠰᠡᠷᠭᠦᠴᠡᠬᠦ ᠰᠡᠷᠡᠯᠵᠢᠯ ᠤᠨ ᠬᠡᠯᠪᠡᠷᠢ ᠲᠠᠢ᠂ ᠨᠡᠭᠦᠷᠡᠰᠦᠬᠦ᠋ᠴᠢᠯ ᠤᠨ | ᠤᠰᠤᠲᠥ᠋ᠷᠥᠭᠴᠢᠲᠤ ᠨᠠᠲᠷᠢ᠂ ᠾᠯᠣᠷᠲᠤ ᠨᠠᠲᠷᠢ᠂ ᠨᠢᠮᠪᠡᠭᠡ ᠶᠢᠨ ᠬᠦᠴᠢᠯ ᠤᠨ ᠨᠠᠲᠷᠢ᠂ ᠾᠯᠣᠷᠲᠤ ᠺᠠᠯᠢ ᠵᠡᠷᠭᠡ ᠤᠯᠠᠨ ᠸᠢᠲ᠋ᠠᠮᠢᠨ ᠲᠠᠢ ᠨᠡᠮᠡᠯᠲᠡ ᠡᠳ᠋ ᠤᠨ | ᠴᠠᠬᠢᠯᠭᠠᠨ ᠵᠠᠳᠠᠯᠤᠭᠳᠠᠬᠤᠨ ᠢ ᠴᠢᠩᠭᠠᠳᠬᠠᠵᠤ᠂ ᠥᠨᠳᠥᠷ ᠳᠤᠯᠠᠭᠠᠨ ᠳᠤ ᠠᠮᠢᠳᠠᠨ ᠢ ᠵᠤᠨ ᠤ ᠴᠠᠭ ᠲᠤ ᠰᠡᠷᠢᠭᠦᠨ ᠲᠠᠭᠠᠯᠠᠮᠵᠢᠲᠠᠢ ᠪᠣᠯᠭᠠᠳᠠᠭ᠃ | 6. ᠬᠠᠯᠠᠭᠤᠨ ᠡᠳᠦᠷ ᠲᠤᠭᠤᠯᠯᠠᠬᠤ ᠠᠴᠠ ᠪᠣᠯᠭᠤᠮᠵᠢᠯᠠᠵᠤ᠂ ᠬᠤᠶᠢᠲᠤᠬᠢ ᠨᠢ ᠪᠠᠭᠤᠬᠤ ᠦᠭᠡᠢ ᠠᠴᠠ ᠪᠣᠯᠭᠤᠮᠵᠢᠯᠠᠬᠤ ᠬᠡᠷᠡᠭᠲᠡᠢ | ᠠᠷᠪᠢᠨ ᠲᠤᠭᠤᠯᠯᠠᠭᠰᠠᠨ ᠦᠨᠢᠶᠡᠨ ᠤ ᠵᠤᠨ ᠤ ᠤᠯᠠᠷᠢᠯ ᠳᠤ ᠲᠤᠭᠤᠯᠯᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠂ ᠲᠤᠭᠤᠯᠯᠠᠬᠤ ᠪᠠ ᠥᠨᠳᠥᠷ | ᠬᠠᠯᠠᠭᠤᠨ ᠤ ᠳᠠᠪᠬᠤᠷ ᠰᠡᠷᠡᠯᠵᠢᠯ ᠨᠢ ᠦᠨᠢᠶ᠎ᠡ ᠪᠠ ᠲᠤᠭᠤᠯ ᠤᠨ ᠡᠷᠡᠭᠦᠯ ᠴᠢᠭᠢᠷᠠᠭ ᠢ ᠨᠥᠯᠥᠭᠡᠯᠡᠨ᠎ᠡ᠃ ᠬᠡᠷᠪᠡ ᠬᠤᠶᠢᠲᠤᠬᠢ ᠨᠢ ᠪᠠᠭᠤᠬᠤ ᠦᠭᠡᠢ ᠪᠣᠯ ᠬᠢᠲᠠᠳ | ᠡᠮ ᠢᠶᠠᠷ ᠵᠠᠰᠠᠵᠤ ᠪᠣᠯᠣᠨ᠎ᠠ᠂ ᠵᠢᠱᠢᠶᠡᠯᠡᠪᠡᠯ ︽ᠠᠮᠲᠠ ᠣᠷᠣᠭᠤᠯᠤᠭᠰᠠᠨ ᠴᠢᠰᠤ ᠲᠥᠯᠵᠢᠭᠦᠯᠵᠦ ᠮᠠᠭᠤ ᠴᠢᠰᠤ ᠶᠢ ᠭᠠᠳᠠᠭᠰᠢᠯᠠᠭᠤᠯᠬᠤ ᠲᠠᠩ ᠡᠮ︾᠄ ᠳᠥᠷᠪᠡᠯᠵᠢ | ᠡᠪᠡᠰᠦ 90 ᠭᠷᠡᠮ᠂ ᠳ᠋ᠠᠩᠭᠦᠨ 100 ᠭᠷᠡᠮ᠂ ᠳᠣᠯᠣᠨᠤ 60 ᠭᠷᠡᠮ᠂ ᠰᠧᠴᠤᠸᠠᠨ ᠴᠠᠨ᠎ᠠ 60 ᠭᠷᠡᠮ᠂ ᠬᠤᠨᠴᠢᠷ 50 ᠭᠷᠡᠮ᠂ ᠲᠤᠭᠤᠷ ᠤᠨ ᠴᠥᠮ᠎ᠡ 30 ᠭᠷᠡᠮ᠂ | ᠰᠦᠨ ᠣᠷᠬᠤᠳᠠᠢ 50 ᠭᠷᠡᠮ᠂ ᠭᠦᠷᠭᠦᠮ 25 ᠭᠷᠡᠮ᠂ ᠴᠠᠭᠠᠨ ᠵᠠᠰᠠᠯ 60 ᠭᠷᠡᠮ᠂ ᠳᠥᠷᠪᠡᠯᠵᠢ ᠡᠪᠡᠰᠦ 90 ᠭᠷᠡᠮ᠂ ᠬᠠᠭᠰᠠᠭᠠᠭᠰᠠᠨ ᠰᠢᠬᠢᠷ ᠡᠪᠡᠰᠦ 15 ᠭᠷᠡᠮ᠂ | ᠪᠦᠯᠢᠶᠡᠨ ᠤᠰᠤᠨ ᠳᠤ ᠪᠤᠷᠠᠮ ᠲᠠᠢ ᠴᠢᠨᠠᠵᠤ ᠤᠤᠭᠤᠯᠭᠠᠨ᠎ᠠ᠃ | 7. ᠤᠬᠢᠶᠠᠵᠤ ᠴᠡᠪᠡᠷᠯᠡᠨ ᠠᠷᠢᠭᠤᠨ ᠴᠡᠪᠡᠷ ᠢ ᠡᠷᠬᠢᠮᠯᠡᠨ᠂ ᠢᠯᠠᠭ᠎ᠠ ᠪᠠᠲᠠᠭᠠᠨ᠎ᠠ ᠶᠢ ᠠᠷᠢᠯᠭᠠᠨ᠎ᠠ | ᠦᠬᠡᠷ ᠤᠨ ᠬᠠᠰᠢᠶ᠎ᠠ ᠶᠢ ᠦᠷᠭᠦᠯᠵᠢ ᠱᠦᠭᠦᠷᠳᠡᠨ ᠴᠡᠪᠡᠷᠯᠡᠵᠦ᠂ ᠪᠠᠭᠠᠰᠤ ᠰᠢᠭᠡᠰᠦ ᠶᠢ ᠴᠡᠪᠡᠷᠯᠡᠵᠦ᠂ ᠰᠠᠯᠬᠢ ᠵᠢᠪᠠᠷ ᠨᠡᠪᠲᠡᠷᠡᠭᠦᠯᠦᠨ᠂ ᠦᠬᠡᠷ ᠤᠨ | ᠣᠷᠣ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷ ᠤᠰᠤ ᠪᠠᠷ ᠤᠬᠢᠶᠠᠵᠤ᠂ ᠦᠬᠡᠷ ᠤᠨ ᠪᠡᠶ᠎ᠡ᠂ ᠬᠤᠶᠢᠲᠤ ᠪᠡᠶ᠎ᠡ ᠵᠡᠷᠭᠡ ᠴᠡᠪᠡᠷ ᠪᠤᠰᠤ ᠬᠡᠰᠡᠭ ᠢ ᠴᠠᠭ | ᠲᠤᠬᠠᠢ ᠳᠤᠨᠢ ᠴᠡᠪᠡᠷ ᠤᠰᠤ ᠪᠠᠷ ᠤᠬᠢᠶᠠᠨ ᠴᠡᠪᠡᠷᠯᠡᠵᠦ᠂ ᠬᠠᠯᠠᠭᠤᠨ ᠤ ᠰᠡᠷᠡᠯᠲᠡ ᠶᠢ ᠪᠠᠭᠠᠰᠬᠠᠨ᠎ᠠ᠃ ᠦᠬᠡᠷ ᠤᠨ ᠪᠡᠶ᠎ᠡ ᠶᠢ ᠤᠬᠢᠶᠠᠬᠤ ᠳᠠᠭᠠᠨ ᠲᠡᠵᠢᠭᠡᠬᠦ ᠠᠴᠠ | ᠡᠮᠦᠨ᠎ᠡ ᠲᠣᠬᠢᠷᠠᠭᠤᠯᠵᠤ᠂ ᠲᠡᠵᠢᠭᠡᠭᠰᠡᠨ ᠤ ᠳᠠᠷᠠᠭ᠎ᠠ 30 ᠮᠢᠨᠦ᠋ᠲ ᠤᠨ ᠳᠣᠲᠣᠷ᠎ᠠ ᠤᠬᠢᠶᠠᠵᠤ ᠪᠣᠯᠬᠤ ᠦᠭᠡᠢ᠂ ᠨᠡᠩ ᠴᠤ ᠤᠰᠤ ᠪᠠᠷ ᠦᠬᠡᠷ ᠤᠨ ᠲᠣᠯᠣᠭᠠᠢ ᠶᠢ | ᠴᠣᠴᠢᠮᠠᠭ ᠤᠬᠢᠶᠠᠵᠤ ᠪᠣᠯᠬᠤ ᠦᠭᠡᠢ᠂ ᠦᠬᠡᠷ ᠤᠨ ᠲᠣᠯᠣᠭᠠᠢ ᠶᠢᠨ ᠬᠡᠰᠡᠭ ᠤᠨ ᠴᠢᠰᠤᠨ ᠰᠤᠳᠠᠯ ᠬᠦᠴᠦᠲᠡᠢ ᠠᠪᠴᠢᠵᠤ ᠮᠠᠨᠠᠷᠠᠬᠤ ᠠᠴᠠ ᠰᠡᠷᠭᠡᠶᠢᠯᠡᠬᠦ ᠬᠡᠷᠡᠭᠲᠡᠢ᠃ | ᠡᠳᠦᠷ ᠪᠦᠷᠢ ᠶᠢᠨ ᠦᠳᠡ ᠳᠤ ᠦᠬᠡᠷ ᠢᠶᠠᠨ ᠬᠠᠰᠢᠶᠠᠯᠠᠨ ᠠᠷᠢᠭᠤᠳᠬᠠᠵᠤ ᠬᠢᠵᠢᠭ ᠢ ᠰᠡᠷᠭᠡᠶᠢᠯᠡᠬᠦ ᠮᠥᠷᠲᠡᠭᠡᠨ ᠠᠷᠢᠭᠤᠳᠬᠠᠨ᠎ᠠ᠃ ᠦᠬᠡᠷ ᠤᠨ ᠰᠠᠷᠠᠪᠴᠢ ᠶᠢᠨ | ᠡᠷᠬᠢᠨ ᠲᠣᠭᠤᠷᠢᠨ ᠳᠤ ᠱᠠ ᠡᠭᠦᠳᠡ᠂ ᠱᠠ ᠴᠣᠩᠬᠤ ᠨᠡᠮᠡᠵᠦ᠂ ᠢᠯᠠᠭ᠎ᠠ ᠪᠠᠲᠠᠭᠠᠨ᠎ᠠ ᠦᠬᠡᠷ ᠤᠨ ᠪᠡᠶ᠎ᠡ ᠶᠢ ᠬᠠᠵᠠᠬᠤ ᠠᠴᠠ ᠰᠡᠷᠭᠡᠶᠢᠯᠡᠬᠦ ᠶᠢᠨ ᠬᠠᠮᠲᠤ ᠪᠠᠰᠠ | 1% ᠶᠢᠨ ᠳ᠋ᠢ ᠪᠠᠢ ᠴᠥᠩ ᠡᠮ ᠤᠨ ᠰᠢᠩᠭᠡᠨ ᠢᠶᠠᠷ ᠦᠬᠡᠷ ᠢ ᠰᠦᠷᠴᠢᠵᠦ ᠪᠣᠯᠣᠨ᠎ᠠ᠂ ᠪᠠᠰᠠ ᠲᠣᠭᠲᠠᠭᠰᠠᠨ ᠬᠤᠭᠤᠴᠠᠭᠠᠨ ᠳᠤ ᠠᠯᠠᠰᠢᠨ ᠦᠬᠡᠷ ᠲᠤ ᠵᠣᠬᠢᠬᠤ | ᠬᠡᠮᠵᠢᠶᠡᠨ ᠤ ᠮᠠᠯ ᠳᠤ ᠬᠡᠷᠡᠭᠯᠡᠬᠦ ᠲᠦ᠋ ᠮᠸᠢ ᠰᠦ᠋ ᠢᠳᠡᠭᠦᠯᠵᠦ᠂ ᠡᠳᠦᠷ ᠪᠦᠷᠢ ᠲᠡᠵᠢᠭᠡᠯ ᠤᠨ ᠪᠠᠭᠠᠵᠢ ᠬᠡᠷᠡᠭᠰᠡᠯ ᠢ ᠤᠬᠢᠶᠠᠬᠤ ᠪᠠ ᠠᠯᠠᠰᠢᠨ ᠦᠬᠡᠷ ᠤᠨ ᠬᠠᠰᠢᠶ᠎ᠠ ᠶᠢ | ᠴᠡᠪᠡᠷᠯᠡᠬᠦ ᠠᠵᠢᠯ ᠢ ᠰᠠᠶᠢᠲᠤᠷ ᠬᠢᠵᠦ᠂ ᠡᠪᠡᠳᠴᠢᠨ ᠤ ᠪᠠᠺᠲ᠋ᠧᠷᠢ ᠶᠢᠨ ᠬᠠᠯᠳᠠᠪᠤᠷᠢᠯᠠᠬᠤ ᠠᠴᠠ ᠰᠡᠷᠭᠡᠶᠢᠯᠡᠨ᠎ᠡ᠃ ᠰᠥᠨᠢ ᠳᠡᠭᠡᠨ ᠠᠯᠠᠰᠢᠨ ᠦᠬᠡᠷ ᠤᠨ ᠬᠠᠰᠢᠶᠠᠨ ᠳᠤ | ᠰᠢᠮᠠᠭᠤᠯ ᠤᠲᠤᠬᠤ ᠬᠦᠵᠢ ᠶᠢ ᠠᠰᠠᠭᠠᠬᠤ ᠪᠤᠶᠤ ᠱᠠ ᠪᠥᠰ ᠢᠶᠠᠷ ᠪᠠᠭᠯᠠᠭᠰᠠᠨ ᠲᠠᠯᠠᠰᠲᠤ ᠳ᠋ᠢ ᠪᠠᠢ ᠴᠦᠩ ᠢ ᠡᠯᠭᠦᠵᠦ ᠬᠠᠵᠠᠭᠳᠠᠬᠤ ᠠᠴᠠ ᠰᠡᠷᠭᠡᠶᠢᠯᠡᠨ᠎ᠡ᠃ | 8. ᠡᠷᠲᠡ ᠣᠷᠣᠢ ᠳᠠᠭᠠᠨ ᠵᠥᠭᠡᠭᠡᠪᠦᠷᠢᠯᠡᠵᠦ᠂ ᠵᠠᠮ ᠵᠠᠭᠤᠷ᠎ᠠ ᠪᠠᠨ ᠠᠮᠠᠷᠠᠨ᠎ᠠ | ᠠᠯᠠᠰᠢᠨ ᠦᠬᠡᠷ ᠤᠨ ᠲᠡᠭᠡᠭᠡᠪᠦᠷᠢ ᠶᠢᠨ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠬᠠᠬᠢᠷ ᠬᠦᠢᠲᠡᠨ ᠠᠭᠠᠭᠢᠮ᠎ᠠ ᠬᠠᠯᠠᠭᠤᠨ ᠠᠴᠠ ᠵᠠᠶᠢᠯᠠᠭᠤᠯᠬᠤ ᠬᠡᠷᠡᠭᠲᠡᠢ᠃ | ᠵᠣᠨ ᠤ ᠤᠯᠠᠷᠢᠯ ᠳᠤ ᠠᠯᠠᠰᠢᠨ ᠦᠬᠡᠷ ᠵᠥᠭᠡᠭᠡᠪᠦᠷᠢᠯᠡᠬᠦ ᠳᠡᠭᠡᠨ ᠡᠷᠲᠡ ᠣᠷᠣᠢ ᠶᠠᠪᠤᠵᠤ᠂ ᠲᠡᠷᠭᠡᠨ ᠣᠷᠣᠢ ᠳᠤ ᠰᠢᠷᠠᠭᠳᠠᠬᠤ ᠠᠴᠠ ᠰᠡᠷᠭᠡᠶᠢᠯᠡᠬᠦ ᠲᠣᠣᠷ ᠪᠤᠶᠤ | ᠨᠦᠢᠲᠠᠨ ᠬᠥᠰᠢᠭᠡ ᠲᠠᠯᠪᠢᠵᠤ᠂ ᠳᠥᠷᠪᠡᠨ ᠲᠠᠯ᠎ᠠ ᠪᠠᠷ ᠨᠢ ᠰᠠᠯᠬᠢ ᠨᠡᠪᠲᠡᠷᠡᠭᠦᠯᠬᠦ ᠪᠤᠶᠤ ᠨᠦᠢᠲᠠᠨ ᠬᠥᠰᠢᠭᠡ ᠲᠠᠭᠠᠷᠠᠭᠤᠯᠤᠨ᠎ᠠ᠃ ᠬᠤᠯᠠ ᠵᠠᠮ ᠤᠨ ᠲᠡᠭᠡᠭᠡᠪᠦᠷᠢ ᠶᠢᠨ | ᠶᠠᠪᠤᠴᠠ ᠳᠤ ᠮᠣᠳᠣᠨ ᠤ ᠰᠡᠭᠦᠳᠡᠷ ᠲᠤ ᠲᠡᠷᠭᠡ ᠪᠠᠨ ᠵᠣᠭᠰᠣᠭᠠᠵᠤ ᠠᠮᠠᠷᠠᠭᠤᠯᠤᠨ᠂ 0.5% ᠶᠢᠨ ᠳᠠᠪᠤᠰᠤ ᠲᠠᠢ ᠤᠰᠤ ᠪᠤᠶᠤ ᠴᠠᠬᠢᠯᠭᠠᠨ ᠵᠠᠳᠠᠯᠤᠭᠳᠠᠬᠤᠨ ᠲᠠᠢ | ᠤᠰᠤᠨ ᠤ ᠠᠭᠤᠰᠤᠮᠠᠯ ᠢᠶᠠᠷ ᠤᠰᠤᠯᠠᠵᠤ᠂ ᠪᠠᠰᠠ ᠨᠣᠭᠤᠭᠠᠨ ᠪᠣᠷᠳᠤᠭ᠎ᠠ ᠶᠢ ᠪᠠᠭ᠎ᠠ ᠲᠡᠵᠢᠭᠡᠵᠦ᠂ ᠬᠠᠯᠠᠭᠤᠨ ᠤ ᠰᠡᠷᠡᠯᠲᠡ ᠠᠴᠠ ᠪᠣᠯᠵᠤ ᠬᠤᠬᠢᠷᠠᠯ ᠭᠠᠷᠬᠤ ᠠᠴᠠ | ᠰᠡᠷᠭᠡᠶᠢᠯᠡᠨ᠎ᠡ᠃ | |