ᠦᠬᠡᠷ ᠤᠨ ᠰᠠᠯᠪᠤᠷᠢ ᠮᠥᠭᠡᠷᠰᠦᠨ ᠬᠤᠭᠤᠯᠠᠢ ᠶᠢᠨ ᠦᠷᠪᠢᠰᠦᠯ ᠢ ᠮᠥᠭᠡᠷᠰᠦᠨ ᠬᠤᠭᠤᠯᠠᠢ᠂ ᠰᠠᠯᠪᠤᠷᠢ ᠮᠥᠭᠡᠷᠰᠦᠨ ᠬᠤᠭᠤᠯᠠᠢ ᠶᠢᠨ ᠰᠠᠯᠢᠰᠤᠲᠤ | ᠪᠦᠷᠬᠦᠪᠴᠢ ᠶᠢᠨ ᠥᠩᠭᠡᠨ ᠳᠠᠪᠬᠤᠷᠭ᠎ᠠ ᠪᠤᠶᠤ ᠭᠦᠨ ᠳᠠᠪᠬᠤᠷᠭ᠎ᠠ ᠶᠢᠨ ᠦᠷᠪᠢᠰᠦᠯ᠂ ᠲᠦᠷᠭᠡᠨ ᠴᠢᠨᠠᠷᠲᠠᠢ ᠪᠠ ᠤᠳᠠᠭᠠᠨ ᠴᠢᠨᠠᠷᠲᠠᠢ ᠭᠡᠵᠦ ᠬᠤᠶᠠᠷ ᠵᠦᠢᠯ | ᠬᠤᠪᠢᠶᠠᠳᠠᠭ᠃ ᠡᠮᠴᠢᠯᠡᠭᠡᠨ ᠳᠡᠭᠡᠷ᠎ᠡ ᠬᠠᠨᠢᠶᠠᠬᠤ᠂ ᠨᠢᠰᠤ ᠭᠤᠭᠤᠵᠢᠬᠤ ᠪᠠ ᠰᠠᠯᠪᠤᠷᠢ ᠮᠥᠭᠡᠷᠰᠦᠨ ᠬᠤᠭᠤᠯᠠᠢ ᠶᠢᠨ ᠬᠡᠷᠴᠢᠭᠢᠨᠡᠬᠦ ᠲᠠᠭᠤᠨ ᠢᠶᠠᠷ ᠭᠤᠣᠯᠯᠠᠳᠠᠭ᠃ | ᠬᠠᠪᠤᠷ ᠡᠷᠲᠡ᠂ ᠨᠠᠮᠤᠷ ᠤᠨ ᠰᠡᠭᠦᠯᠴᠢ ᠵᠢᠴᠢ ᠠᠭᠤᠷ ᠠᠮᠢᠰᠬᠤᠯ ᠬᠤᠪᠢᠷᠠᠯᠲᠠ ᠶᠡᠬᠡᠲᠡᠢ ᠦᠶ᠎ᠡ ᠳᠤ ᠠᠮᠠᠷᠬᠠᠨ ᠡᠭᠦᠰᠳᠡᠭ᠃ | ᠡᠪᠡᠳᠴᠢᠨ ᠤ ᠰᠢᠨᠵᠢ᠃ ᠲᠤᠰ ᠡᠪᠡᠳᠴᠢᠨ ᠳᠤ ᠲᠦᠷᠭᠡᠨ ᠴᠢᠨᠠᠷᠲᠠᠢ ᠪᠠ ᠤᠳᠠᠭᠠᠨ ᠴᠢᠨᠠᠷᠲᠠᠢ ᠭᠡᠵᠦ ᠬᠤᠶᠠᠷ ᠵᠦᠢᠯ ᠪᠠᠶᠢᠳᠠᠭ᠃ ᠲᠦᠷᠭᠡᠨ ᠴᠢᠨᠠᠷᠲᠠᠢ | ᠰᠠᠯᠪᠤᠷᠢ ᠮᠥᠭᠡᠷᠰᠦᠨ ᠬᠤᠭᠤᠯᠠᠢ ᠶᠢᠨ ᠦᠷᠪᠢᠰᠦᠯ ᠨᠢ ᠬᠠᠭᠤᠷᠠᠢ ᠪᠠᠷ ᠬᠠᠨᠢᠶᠠᠬᠤ᠂ ᠪᠠᠶᠢᠨ ᠳᠠᠬᠢᠨ ᠬᠠᠨᠢᠶᠠᠬᠤ ᠮᠥᠷᠲᠡᠭᠡᠨ ᠡᠪᠡᠳᠴᠦ᠂ ᠳᠠᠷᠠᠭ᠎ᠠ ᠨᠢ ᠨᠦᠢᠲᠠᠨ | ᠬᠠᠨᠢᠶᠠᠵᠤ᠂ ᠴᠢᠩᠨᠠᠨ ᠣᠨᠣᠰᠢᠯᠠᠬᠤ ᠳᠤ ᠰᠠᠯᠪᠤᠷᠢ ᠮᠥᠭᠡᠷᠰᠦᠨ ᠬᠤᠭᠤᠯᠠᠢ ᠶᠢᠨ ᠬᠡᠷᠴᠢᠭᠢᠨᠡᠬᠦ ᠳᠠᠭᠤᠨ ᠢᠯᠡᠷᠡᠨ᠎ᠡ᠃ ᠡᠪᠡᠳᠴᠢᠨ ᠤ ᠡᠬᠢᠨ ᠤ ᠬᠤᠭᠤᠴᠠᠭᠠᠨ ᠳᠤ | ᠪᠡᠶ᠎ᠡ ᠶᠢᠨ ᠬᠠᠯᠠᠭᠤᠨ ᠨᠢ 0.5℃~1℃ ᠳᠡᠭᠡᠭᠰᠢᠯᠡᠵᠦ᠂ ᠪᠡᠶ᠎ᠡ ᠶᠢᠨ ᠬᠠᠯᠠᠭᠤᠨ ᠨᠢ ᠲᠣᠭᠲᠠᠪᠤᠷᠢ ᠦᠭᠡᠢ ᠪᠠᠶᠢᠳᠠᠭ᠃ ᠡᠪᠡᠳᠴᠢᠨ ᠨᠢ ᠬᠦᠨᠳᠦᠷᠡᠭᠡᠳ ᠨᠡᠯᠦᠩᠬᠡᠢ | ᠴᠢᠨᠠᠷᠲᠠᠢ ᠰᠠᠯᠪᠤᠷᠢ ᠮᠥᠭᠡᠷᠰᠦᠨ ᠬᠤᠭᠤᠯᠠᠢ ᠶᠢᠨ ᠦᠷᠪᠢᠰᠦᠯ ᠪᠣᠯᠬᠤ ᠳᠤ᠂ ᠪᠡᠶ᠎ᠡ ᠶᠢᠨ ᠳᠤᠯᠠᠭᠠᠨ ᠨᠢ ᠦᠷᠭᠦᠯᠵᠢᠯᠡᠨ ᠳᠡᠭᠡᠭᠰᠢᠯᠡᠵᠦ᠂ ᠰᠤᠳᠠᠯ ᠤᠨ ᠯᠤᠭᠰᠢᠯᠲᠠ ᠨᠢ | ᠲᠦᠷᠭᠡᠰᠦᠨ᠂ ᠠᠮᠢᠰᠬᠤᠯ ᠨᠢ ᠴᠢᠬᠤᠯᠳᠠᠵᠤ᠂ ᠴᠤᠭ ᠰᠦᠯᠳᠡ ᠠᠯᠳᠠᠨ᠂ ᠢᠳᠡᠭᠡᠨ ᠤ ᠳᠤᠷᠠᠰᠢᠯ ᠮᠠᠭᠤᠳᠠᠬᠤ ᠪᠤᠶᠤ ᠢᠳᠡᠬᠦ ᠦᠭᠡᠢ ᠪᠣᠯᠵᠤ᠂ ᠬᠡᠪᠢᠬᠦ ᠨᠢ ᠪᠠᠭᠠᠰᠬᠤ | ᠪᠤᠶᠤ ᠵᠣᠭᠰᠣᠵᠤ᠂ ᠰᠦ ᠭᠠᠷᠬᠤ ᠬᠡᠮᠵᠢᠶ᠎ᠡ ᠨᠢ ᠳᠣᠷᠣᠭᠰᠢᠯᠠᠳᠠᠭ᠃ ᠨᠢᠰᠤ ᠨᠢ ᠡᠭᠡᠳᠡᠩ ᠰᠢᠩᠭᠡᠨ ᠤ ᠬᠡᠯᠪᠡᠷᠢ ᠲᠠᠢ ᠪᠠᠶᠢᠭᠰᠠᠨ ᠠᠴᠠ ᠪᠠᠨ ᠨᠢᠯᠴᠠᠭᠠᠶ ᠰᠢᠩᠭᠡᠨ | ᠪᠣᠯᠵᠤ ᠬᠤᠪᠢᠷᠠᠳᠠᠭ᠃ | ᠰᠡᠷᠭᠡᠶᠢᠯᠡᠨ ᠵᠠᠰᠠᠬᠤ ᠠᠷᠭ᠎ᠠ᠃ ᠲᠤᠰ ᠡᠪᠡᠳᠴᠢᠨ ᠳᠤ ᠡᠸᠦ᠋ᠷᠦᠫᠡ ᠡᠮ ᠢᠶᠠᠷ ᠵᠠᠰᠠᠬᠤ ᠠᠷᠭ᠎ᠠ ᠪᠠ ᠬᠢᠲᠠᠳ ᠡᠮᠨᠡᠯᠭᠡ ᠪᠠᠷ ᠵᠠᠰᠠᠬᠤ ᠠᠷᠭ᠎ᠠ ᠭᠡᠵᠦ ᠬᠤᠶᠠᠷ | ᠵᠦᠢᠯ ᠪᠠᠶᠢᠳᠠᠭ᠃ | 1. ᠡᠸᠦ᠋ᠷᠦᠫᠡ ᠡᠮ ᠢᠶᠠᠷ ᠵᠠᠰᠠᠬᠤ᠄ ᠪᠠᠶᠢᠨ ᠳᠠᠬᠢᠨ ᠬᠠᠨᠢᠶᠠᠵᠤ ᠪᠠᠶᠢᠭ᠎ᠠ ᠡᠪᠡᠳᠴᠢᠨ ᠲᠠᠢ ᠦᠬᠡᠷ ᠲᠤ ᠬᠠᠨᠢᠶᠠᠳᠤ ᠶᠢ ᠵᠣᠭᠰᠤᠭᠠᠬᠤ ᠡᠮ ᠬᠡᠷᠡᠭᠯᠡᠵᠦ | ᠪᠣᠯᠣᠨ᠎ᠠ᠄ ᠾᠯᠣᠷᠲᠤ ᠠᠮᠮᠤᠨᠢ 15 ᠭᠷᠡᠮ᠂ ᠬᠦᠢᠯᠡᠰᠦᠨ ᠴᠥᠮ᠎ᠡ ᠶᠢᠨ ᠤᠰᠤ 35 ᠮᠢᠯᠢᠮᠧᠲᠷ᠂ ᠶᠤᠸᠠᠨ ᡁᠢ ᠳ᠋ᠢᠩ 30 ᠮᠢᠯᠢᠮᠧᠲᠷ᠂ ᠪᠦᠯᠢᠶᠡᠨ ᠤᠰᠤ 500 | ᠮᠢᠯᠢᠮᠧᠲᠷ ᠨᠢᠭᠡ ᠤᠳᠠᠭ᠎ᠠ ᠤᠤᠭᠤᠯᠭᠠᠨ᠎ᠠ᠃ ᠡᠰᠡᠬᠦᠯ᠎ᠡ ᠾᠯᠣᠷᠲᠤ ᠠᠮᠮᠤᠨᠢ 20 ᠭᠷᠡᠮ᠂ ᠢᠣᠳ᠋ᠲᠤ ᠺᠠᠯᠢ 2 ᠭᠷᠡᠮ᠂ ᠶᠤᠸᠠᠨ ᡁᠢ ᠮᠦᠸᠧ 30 ᠭᠷᠡᠮ᠂ ᠪᠦᠯᠢᠶᠡᠨ | ᠤᠰᠤ 500 ᠮᠢᠯᠢᠮᠧᠲᠷ᠂ ᠨᠢᠭᠡ ᠤᠳᠠᠭ᠎ᠠ ᠤᠤᠭᠤᠯᠭᠠᠨ᠎ᠠ᠃ ᠡᠭᠦᠨ ᠤ ᠬᠠᠮᠲᠤ ᠦᠷᠪᠢᠰᠦᠯ ᠢ ᠳᠠᠷᠤᠬᠤ ᠶᠢᠨ ᠲᠥᠯᠥᠭᠡ ᠮᠢᠺᠷᠣᠪ ᠡᠰᠡᠷᠭᠦᠴᠡᠭᠴᠢ ᠡᠳ᠋ ᠪᠤᠶᠤ | ᠬᠦᠬᠦᠷᠯᠢᠭ ᠠᠮᠢᠨ ᠤ ᠲᠥᠷᠥᠯ ᠤᠨ ᠡᠮ ᠢ ᠬᠡᠷᠡᠭᠯᠡᠵᠦ ᠪᠣᠯᠣᠨ᠎ᠠ᠃ ᠵᠢᠱᠢᠶᠡᠯᠡᠪᠡᠯ ᠫᠧᠨᠢᠼᠢᠯᠢᠨ᠂ ᠯᠢᠶᠠᠨ ᠮᠧᠶ ᠰᠦ᠋ ᠲᠤᠰ ᠪᠦᠷᠢ 100~200 ᠲᠦᠮᠡᠨ ᠨᠢᠭᠡᠴᠢ᠂ | ᠪᠤᠯᠴᠢᠩ ᠳᠤᠨᠢ ᠲᠠᠷᠢᠨ᠎ᠠ᠃ 10% ᠶᠢᠨ ᠬᠦᠬᠦᠷᠯᠢᠭ ᠠᠮᠢᠨ ᠤ ᠫᠢᠷᠢᠮᠢᠳᠢᠨ ᠨᠠᠲᠷᠢ ᠶᠢᠨ ᠠᠭᠤᠰᠤᠮᠠᠯ 100~150 ᠮᠢᠯᠢᠮᠧᠲᠷ ᠢ ᠨᠠᠮᠵᠢᠭᠤᠨ ᠰᠤᠳᠠᠯ ᠢᠶᠠᠷ | ᠲᠠᠷᠢᠨ᠎ᠠ᠃ ᠡᠰᠡᠬᠦᠯ᠎ᠡ ᠲᠧᠳ᠋ᠷᠠᠼᠢᠺᠯᠢᠨ᠂ ᠺᠠᠨᠠᠮᠢᠽᠢᠨ᠂ ᠭᠧᠨ᠋ᠲ᠋ᠠᠮᠢᠼᠢᠨ ᠵᠡᠷᠭᠡ ᠶᠢ ᠬᠡᠷᠡᠭᠯᠡᠵᠦ ᠪᠣᠯᠣᠨ᠎ᠠ᠃ ᠰᠢᠭᠤᠳ ᠮᠥᠭᠡᠷᠰᠦᠨ ᠬᠤᠭᠤᠯᠠᠢ ᠳᠤ ᠨᠢᠶᠠᠨ | ᠳᠠᠷᠤᠭᠴᠢ ᠶᠢ ᠣᠷᠣᠭᠤᠯᠪᠠᠯ ᠦᠷ᠎ᠡ ᠳ᠋ᠦᠩ ᠨᠢ ᠨᠡᠯᠢᠶᠡᠳ ᠰᠠᠶᠢᠨ ᠪᠠᠶᠢᠳᠠᠭ᠃ ᠶᠡᠷᠦ ᠳᠡᠭᠡᠨ ᠫᠧᠨᠢᠼᠢᠯᠢᠨ ᠢ 320 ᠲᠦᠮᠡᠨ ᠨᠢᠭᠡᠴᠢ᠂ ᠯᠢᠶᠠᠨ ᠮᠧᠶ ᠰᠦ᠋ 2 ᠭᠷᠡᠮ ᠢ | 15~20 ᠮᠢᠯᠢᠮᠧᠲᠷ ᠨᠡᠷᠡᠮᠡᠯ ᠤᠰᠤᠨ ᠳᠤ ᠠᠭᠤᠰᠬᠠᠵᠤ᠂ ᠮᠥᠭᠡᠷᠰᠦᠨ ᠬᠤᠭᠤᠯᠠᠢ ᠪᠠᠷ ᠡᠳᠦᠷ ᠲᠤ ᠨᠢᠭᠡ ᠤᠳᠠᠭ᠎ᠠ ᠬᠢᠵᠦ᠂ 5~6 ᠤᠳᠠᠭ᠎ᠠ ᠦᠷᠭᠦᠯᠵᠢᠯᠡᠨ | ᠨᠢᠭᠡ ᠡᠮᠴᠢᠯᠡᠭᠡᠨ ᠤ ᠬᠤᠭᠤᠴᠠᠭ᠎ᠠ ᠪᠣᠯᠭᠠᠨ᠎ᠠ᠃ ᠠᠮᠢᠰᠬᠤᠯ ᠴᠢᠬᠤᠯᠳᠠᠵᠤ ᠪᠠᠶᠢᠭ᠎ᠠ ᠦᠬᠡᠷ ᠲᠤ 1~2 ᠭᠷᠡᠮ ᠢ ᠨᠢᠭᠡ ᠤᠳᠠᠭ᠎ᠠ ᠳᠤ ᠪᠤᠯᠴᠢᠩ ᠳᠤᠨᠢ ᠲᠠᠷᠢᠵᠤ | ᠥᠭᠭᠦᠨ᠎ᠡ᠂ ᠠᠮᠢᠨᠤᠹᠢᠯᠢᠨ ᠤ ᠱᠦᠯᠲᠦ ᠶᠢ ᠨᠢᠭᠡ ᠤᠳᠠᠭ᠎ᠠ ᠳᠤ ᠨᠢᠭᠡ ᠤᠳᠠᠭ᠎ᠠ ᠪᠤᠯᠴᠢᠩ ᠳᠤᠨᠢ ᠲᠠᠷᠢᠵᠤ ᠥᠭᠭᠦᠨ᠎ᠡ᠃ ᠡᠰᠡᠬᠦᠯ᠎ᠡ 5% ᠶᠢᠨ ᠵᠡᠭᠡᠷᠭᠡᠨ᠎ᠡ ᠶᠢᠨ | ᠡᠳ᠋ ᠤᠨ ᠠᠭᠤᠰᠤᠮᠠᠯ 4~10 ᠮᠢᠯᠢᠮᠧᠲᠷ ᠢ ᠨᠢᠭᠡ ᠤᠳᠠᠭ᠎ᠠ ᠠᠷᠠᠰᠤᠨ ᠳᠣᠣᠷ᠎ᠠ ᠲᠠᠷᠢᠨ᠎ᠠ᠃ | 2. ᠬᠢᠲᠠᠳ ᠡᠮᠨᠡᠯᠭᠡ ᠶᠢᠨ ᠠᠷᠭ᠎ᠠ᠄ ᠡᠪᠦᠯ ᠤᠨ ᠴᠠᠭᠠᠨ ᠴᠡᠴᠡᠭ ᠤᠨ ᠲᠠᠯᠬ᠎ᠠ ᠶᠢ ᠬᠡᠷᠡᠭᠯᠡᠵᠦ᠂ ᠬᠠᠯᠠᠭᠤᠨ ᠢ ᠪᠠᠭᠤᠷᠠᠭᠤᠯᠤᠨ᠂ ᠬᠠᠨᠢᠶᠠᠳᠤ ᠶᠢ | ᠵᠣᠭᠰᠣᠭᠠᠵᠤ ᠴᠡᠷ ᠢ ᠨᠢ ᠠᠷᠢᠯᠭᠠᠨ᠎ᠠ᠃ ᠵᠣᠷ᠄ ᠤᠯᠠᠭᠠᠨ ᠡᠪᠦᠯ ᠤᠨ ᠴᠡᠴᠡᠭ 30 ᠭᠷᠡᠮ᠂ ᠲᠠᠤᠯᠠᠢ ᠶᠢᠨ ᠮᠠᠩᠭᠢᠷ᠂ ᠨᠤᠭᠲᠤᠷᠤ ᠲᠤᠰ ᠪᠦᠷᠢ 24 ᠭᠷᠡᠮ᠂ ᠬᠥᠭᠡᠨ᠎ᠡ | ᠡᠪᠡᠰᠦ᠂ ᠬᠤᠷᠳᠤᠨ ᠴᠠᠭᠠᠨ᠂ ᠭᠦᠢᠯᠡᠰᠦᠨ ᠴᠥᠮ᠎ᠡ᠂ ᠬᠤᠣᠰ ᠴᠡᠴᠡᠭ᠂ ᠢᠯᠠᠮ᠎ᠠ ᠶᠢᠨ ᠬᠠᠯᠢᠰᠤ᠂ ᠰᠢᠷ᠎ᠠ ᠡᠮ ᠤᠨ ᠦᠷ᠎ᠡ᠂ ᠠᠯᠲᠠᠨ ᠵᠤᠯᠠ ᠲᠤᠰ ᠪᠦᠷᠢ | 18~20 ᠭᠷᠡᠮ ᠢ ᠨᠤᠨᠳᠠᠭᠯᠠᠵᠤ᠂ ᠪᠤᠴᠠᠯᠤᠭᠰᠠᠨ ᠤᠰᠤ ᠪᠠᠷ ᠪᠦᠷᠢᠵᠦ ᠪᠦᠯᠢᠶᠡᠨ ᠤᠤᠭᠤᠯᠭᠠᠨ᠎ᠠ᠃ ᠤᠷᠢᠳᠴᠢᠯᠠᠨ ᠰᠡᠷᠭᠡᠶᠢᠯᠡᠬᠦ᠃ ᠲᠡᠵᠢᠭᠡᠨ ᠠᠷᠠᠴᠢᠯᠠᠬᠤ | ᠬᠠᠮᠢᠶᠠᠷᠤᠯᠲᠠ ᠪᠠᠨ ᠴᠢᠩᠭᠠᠳᠬᠠᠵᠤ᠂ ᠦᠬᠡᠷ ᠤᠨ ᠬᠠᠰᠢᠶ᠎ᠠ ᠶᠢ ᠬᠠᠭᠤᠷᠠᠢ ᠰᠠᠯᠬᠢ ᠨᠡᠪᠲᠡᠷᠡᠭᠦᠯᠬᠦ ᠶᠢ ᠪᠠᠲᠤᠯᠠᠵᠤ᠂ ᠲᠠᠭᠰᠢᠭᠤᠷ ᠲᠤ ᠨᠡᠷᠪᠡᠭᠳᠡᠬᠦ ᠠᠴᠠ ᠰᠡᠷᠭᠡᠶᠢᠯᠡᠬᠦ | ᠬᠡᠷᠡᠭᠲᠡᠢ᠃ | |