1. ︽ᠰᠡᠷᠭᠡᠶᠢᠯᠡᠬᠦ ᠪᠠᠷ ᠭᠤᠣᠯ ᠪᠣᠯᠭᠠᠬᠤ︾ ᠴᠢᠭᠯᠡᠯᠲᠡ ᠶᠢ ᠪᠠᠷᠢᠮᠲᠠᠯᠠᠬᠤ ᠬᠡᠷᠡᠭᠲᠡᠢ | ᠬᠢᠵᠢᠭᠲᠦ ᠣᠷᠣᠨ ᠪᠤᠶᠤ ᠡᠪᠡᠳᠴᠢᠨ ᠤ ᠲᠡᠦᠬᠡ ᠲᠠᠢ ᠣᠷᠣᠨ ᠠᠴᠠ ᠡᠭᠦᠯᠳᠡᠷ ᠣᠷᠣᠭᠤᠯᠬᠤ ᠪᠠ ᠬᠤᠨᠢ ᠬᠤᠳᠠᠯᠳᠤᠨ ᠣᠷᠣᠭᠤᠯᠵᠤ ᠪᠤᠶᠢᠵᠢᠭᠤᠯᠬᠤ ᠶᠢ | ᠴᠠᠭᠠᠵᠠᠯᠠᠵᠤ᠂ ᠠᠷᠭ᠎ᠠ ᠴᠢᠨᠠᠷ ᠲᠠᠢ ᠪᠣᠳᠠᠭᠠᠯᠢ ᠪᠡᠶ᠎ᠡ ᠶᠢᠨ ᠲᠡᠵᠢᠭᠡᠨ ᠦᠷᠡᠵᠢᠭᠦᠯᠬᠦ ᠣᠷᠣᠨ ᠳᠤ ᠣᠷᠣᠬᠤ ᠶᠢ ᠬᠤᠷᠢᠭᠯᠠᠬᠤ ᠬᠡᠷᠡᠭᠲᠡᠢ᠃ ᠭᠠᠷᠤᠯᠲᠠ ᠶᠢᠨ ᠣᠷᠣᠨ ᠤ | ᠬᠢᠵᠢᠭ ᠤᠨ ᠪᠠᠶᠢᠴᠠᠭᠠᠯᠲᠠ ᠪᠠ ᠵᠠᠰᠠᠮᠠᠯ ᠵᠠᠮ ᠤᠨ ᠲᠡᠭᠡᠭᠡᠪᠦᠷᠢ ᠶᠢᠨ ᠬᠢᠵᠢᠭ ᠤᠨ ᠪᠠᠶᠢᠴᠠᠭᠠᠯᠲᠠ ᠶᠢ ᠴᠢᠩᠭᠠᠷᠠᠭᠤᠯᠵᠤ᠂ ᠬᠢᠵᠢᠭ ᠢ ᠰᠡᠷᠭᠡᠶᠢᠯᠡᠬᠦ ᠪᠠ ᠬᠢᠵᠢᠭ ᠢ | ᠪᠠᠶᠢᠴᠠᠭᠠᠬᠤ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠬᠡᠷᠡᠭᠲᠡᠢ᠃ | 2. ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠲᠠᠷᠢᠬᠤ ᠬᠡᠷᠡᠭᠲᠡᠢ | ᠪᠷᠦ᠋ᠼᠧᠯ ᠡᠪᠡᠳᠴᠢᠨ ᠤ ᠬᠠᠮᠢᠶ᠎ᠠ ᠪᠦᠬᠦᠢ ᠸᠠᠺᠼᠢᠨ ᠢᠶᠠᠷ ᠦᠯᠦ ᠬᠠᠯᠳᠠᠭᠠᠬᠤ ᠲᠠᠷᠢᠯᠭ᠎ᠠ ᠬᠢᠨ᠎ᠡ᠂ ᠵᠢᠱᠢᠶᠡᠯᠡᠪᠡᠯ ᠪᠷᠦ᠋ᠼᠧᠯ ᠡᠪᠡᠳᠴᠢᠨ ᠤ ᠠᠮᠢᠳᠤ | ᠸᠠᠺᠼᠢᠨ ︵Ⅰ︶ ᠪᠤᠶᠤ ︵Ⅱ︶᠃ ᠡᠳᠡᠭᠡᠷ ᠸᠠᠺᠼᠢᠨ ᠢ ᠬᠤᠨᠢᠨ ᠤ ᠪᠷᠦ᠋ᠼᠧᠯ ᠡᠪᠡᠳᠴᠢᠨ ᠢ ᠰᠡᠷᠭᠡᠶᠢᠯᠡᠬᠦ ᠳᠤ ᠬᠡᠷᠡᠭᠯᠡᠵᠦ ᠪᠣᠯᠬᠤ ᠪᠥᠭᠡᠳ ᠨᠡᠯᠢᠶᠡᠳ ᠤᠷᠲᠤ | ᠬᠤᠭᠤᠴᠠᠭᠠᠨ ᠤ ᠡᠭᠡᠯᠢᠯᠡᠭᠡ ᠶᠢᠨ ᠦᠷᠭᠦᠯᠵᠢᠯᠡᠬᠦ ᠬᠤᠭᠤᠴᠠᠭ᠎ᠠ ᠲᠠᠢ ᠪᠠᠶᠢᠳᠠᠭ᠃ ᠲᠠᠷᠢᠯᠭ᠎ᠠ ᠶᠢᠨ ᠬᠤᠭᠤᠴᠠᠭ᠎ᠠ ᠶᠢ ᠶᠡᠷᠦ ᠳᠡᠭᠡᠨ ᠬᠡᠭᠡᠯᠲᠦᠭᠦᠯᠬᠦ ᠠᠴᠠ ᠡᠮᠦᠨ᠎ᠡ | 1~2 ᠰᠠᠷ᠎ᠠ ᠳᠤ ᠬᠢᠵᠦ᠂ ᠬᠡᠭᠡᠯ ᠲᠠᠢ ᠬᠤᠭᠤᠴᠠᠭᠠᠨ ᠳᠠᠬᠢ ᠡᠬᠡ ᠮᠠᠯ ᠪᠠ ᠦᠷ᠎ᠡ ᠶᠢᠨ ᠮᠠᠯ ᠳᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠦᠭᠡᠢ᠃ ᠸᠠᠺᠼᠢᠨ ᠢ | ᠵᠣᠬᠢᠬᠤ ᠬᠡᠮᠵᠢᠶᠡᠨ ᠤ ᠳᠤᠯᠠᠭᠠᠨ ᠤ ᠬᠡᠮᠵᠢᠶ᠎ᠡ ︵ᠵᠢᠱᠢᠶᠡᠯᠡᠪᠡᠯ 0~8℃︶ ᠳᠣᠣᠷ᠎ᠠ ᠬᠠᠳᠠᠭᠠᠯᠠᠵᠤ᠂ ᠬᠦᠴᠦᠨ ᠲᠠᠢ ᠬᠤᠭᠤᠴᠠᠭᠠᠨ ᠳᠤ ᠬᠡᠷᠡᠭᠯᠡᠬᠦ ᠶᠢ ᠪᠠᠲᠤᠯᠠᠨ᠎ᠠ᠃ | | 3. ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠬᠤᠨᠢᠨ ᠤ ᠰᠠᠷᠠᠪᠴᠢ ᠶᠢᠨ ᠠᠷᠢᠭᠤᠨ ᠴᠡᠪᠡᠷ᠂ ᠬᠠᠭᠤᠷᠠᠢ᠂ ᠪᠠᠺᠲ᠋ᠧᠷᠢ ᠦᠭᠡᠢ ᠪᠠᠶᠢᠬᠤ ᠵᠢᠴᠢ ᠰᠠᠶᠢᠨ ᠭᠡᠷᠡᠯ ᠲᠤᠰᠬᠤ ᠪᠠ ᠰᠠᠯᠬᠢ ᠨᠡᠪᠲᠡᠷᠡᠬᠦ ᠨᠥᠬᠦᠴᠡᠯ ᠢ | ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠠᠪᠤᠭᠤᠯᠵᠤ᠂ ᠡᠪᠡᠰᠦ ᠪᠣᠷᠳᠤᠭ᠎ᠠ ᠶᠢᠨ ᠰᠢᠮ᠎ᠡ ᠲᠡᠵᠢᠭᠡᠯ ᠡᠯᠪᠡᠭ | ᠪᠥᠭᠡᠳ ᠪᠥᠬᠦ ᠦᠨ᠎ᠡ ᠶᠢ ᠪᠠᠲᠤᠯᠠᠵᠤ᠂ ᠤᠰᠤ ᠤᠮᠳᠠ ᠶᠢᠨ ᠴᠡᠪᠡᠷ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠬᠤᠨᠢᠨ ᠰᠦᠷᠦᠭ ᠤᠨ ᠡᠪᠡᠳᠴᠢᠨ ᠢ | ᠡᠰᠡᠷᠭᠦᠴᠡᠬᠦ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 4. ᠬᠤᠴᠠ ᠳᠠᠭᠠᠭᠤᠯᠬᠤ ᠠᠴᠠ ᠡᠮᠦᠨᠡᠬᠢ ᠪᠠᠶᠢᠴᠠᠭᠠᠯᠲᠠ ᠶᠢ ᠴᠢᠬᠤᠯᠠᠴᠢᠯᠠᠬᠤ ᠬᠡᠷᠡᠭᠲᠡᠢ | ᠪᠷᠦ᠋ᠼᠧᠯ ᠡᠪᠡᠳᠴᠢᠨ ᠤ ᠠᠷᠭ᠎ᠠ ᠴᠢᠨᠠᠷᠲᠠᠢ ᠪᠣᠳᠠᠭᠠᠯᠢ ᠪᠡᠶ᠎ᠡ ᠶᠢ ᠡᠬᠢᠨ ᠤ ᠬᠤᠭᠤᠴᠠᠭᠠᠨ ᠳᠤ ᠰᠢᠯᠢᠵᠦ ᠲᠠᠶᠠᠭᠳᠠᠨ᠂ ᠪᠠᠺᠲ᠋ᠧᠷᠢ ᠲᠠᠢ ᠪᠣᠳᠠᠭᠠᠯᠢ | ᠪᠡᠶ᠎ᠡ ᠶᠢᠨ ᠬᠤᠭᠤᠷᠣᠨᠳᠤ ᠪᠠᠨ ᠬᠡᠭᠡᠯᠲᠦᠭᠦᠯᠦᠨ ᠦᠷᠡᠵᠢᠭᠦᠯᠦᠨ ᠪᠤᠶᠢᠵᠢᠭᠤᠯᠬᠤ ᠶᠢ ᠴᠢᠩᠭ᠎ᠠ ᠰᠡᠷᠭᠡᠶᠢᠯᠡᠵᠦ᠂ ᠡᠭᠴᠡ ᠪᠠᠷ ᠲᠠᠷᠬᠠᠬᠤ ᠵᠠᠮ ᠢ ᠲᠠᠰᠤᠯᠤᠨ᠎ᠠ᠃ | 5. ︽ᠥᠪᠡᠷ ᠢᠶᠠᠨ ᠦᠷᠡᠵᠢᠭᠦᠯᠵᠦ ᠥᠪᠡᠷ ᠢᠶᠠᠨ ᠲᠡᠵᠢᠭᠡᠬᠦ︾ ᠶᠢ ᠠᠯᠢ ᠴᠢᠳᠠᠬᠤ ᠪᠠᠷ ᠪᠠᠷᠢᠮᠲᠠᠯᠠᠬᠤ ᠬᠡᠷᠡᠭᠲᠡᠢ | ᠭᠠᠳᠠᠨ᠎ᠠ ᠠᠴᠠ ᠬᠤᠳᠠᠯᠳᠤᠨ ᠠᠪᠤᠭᠰᠠᠨ ᠬᠤᠨᠢᠨ ᠤ ᠪᠷᠦ᠋ᠼᠧᠯ ᠡᠪᠡᠳᠴᠢᠨ ᠲᠠᠭᠠᠭᠤᠯᠵᠦ ᠠᠪᠴᠢᠷᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ ᠬᠡᠷᠪᠡ | ᠭᠠᠳᠠᠭᠠᠳᠤ ᠠᠴᠠ ᠡᠭᠦᠯᠳᠡᠷ ᠣᠷᠣᠭᠤᠯᠬᠤ ᠴᠢᠬᠤᠯᠠ ᠲᠠᠢ ᠪᠣᠯ᠂ ᠡᠭᠦᠯᠳᠡᠷ ᠣᠷᠣᠭᠤᠯᠤᠭᠰᠠᠨ ᠤ ᠳᠠᠷᠠᠭ᠎ᠠ 30 ᠡᠳᠦᠷ ᠠᠴᠠ ᠳᠡᠭᠡᠭᠰᠢ ᠲᠤᠰᠠᠭᠠᠷᠯᠠᠨ | ᠠᠵᠢᠭᠯᠠᠬᠤ ᠶᠢᠨ ᠬᠠᠮᠲᠤ ᠲᠤᠰᠬᠠᠢ ᠲᠤᠷᠰᠢᠯᠲᠠ ᠶᠢᠨ ᠲᠠᠰᠤᠭ ᠢᠶᠠᠷ ᠳᠡᠮᠵᠢᠨ ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠤ ᠪᠠᠺᠲ᠋ᠧᠷᠢ ᠶᠢᠨ | ᠰᠤᠳᠤᠯᠤᠯ ᠤᠨ ᠪᠠᠶᠢᠴᠠᠭᠠᠯᠲᠠ ︵ᠴᠢᠰᠤᠨ ᠲᠤᠩᠭᠠᠯᠠᠭ ᠤᠨ ᠰᠤᠳᠤᠯᠤᠯ ᠤᠨ ᠪᠠᠶᠢᠴᠠᠭᠠᠯᠲᠠ︶ ᠬᠢᠵᠦ᠂ ᠡᠷᠡᠭᠦᠯ ᠮᠡᠨᠳᠦ ᠨᠢ ᠠᠶᠤᠯ ᠲᠦᠭᠰᠢᠭᠦᠷᠢ ᠦᠭᠡᠢ ᠪᠠᠶᠢᠬᠤ ᠶᠢ | ᠲᠣᠳᠣᠯᠠᠭᠰᠠᠨ ᠤ ᠳᠠᠷᠠᠭ᠎ᠠ ᠰᠠᠶ᠋ᠢ ᠰᠦᠷᠦᠭᠯᠡᠨ ᠲᠡᠵᠢᠭᠡᠵᠦ ᠪᠣᠯᠣᠨ᠎ᠠ᠃ | 6. ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ ᠪᠠ ᠬᠢᠵᠢᠭ ᠪᠠᠶᠢᠴᠠᠭᠠᠬᠤ ᠬᠡᠷᠡᠭᠲᠡᠢ | ᠲᠣᠭᠲᠠᠭᠰᠠᠨ ᠬᠤᠭᠤᠴᠠᠭ᠎ᠠ ᠲᠠᠢ ᠪᠠᠷ ᠬᠤᠨᠢᠨ ᠤ ᠰᠠᠷᠠᠪᠴᠢ᠂ ᠪᠠᠭᠠᠵᠢ ᠬᠡᠷᠡᠭᠰᠡᠯ ᠵᠢᠴᠢ ᠣᠷᠴᠢᠨ ᠲᠣᠭᠤᠷᠢᠨ ᠢ ᠠᠷᠢᠭᠤᠳᠬᠠᠨ ᠰᠢᠢᠳᠪᠦᠷᠢᠯᠡᠵᠦ᠂ | ᠣᠷᠣᠰᠢᠵᠤ ᠮᠡᠳᠡᠬᠦ ᠪᠷᠦ᠋ᠼᠧᠯ ᠪᠠᠺᠲ᠋ᠧᠷᠢ ᠶᠢ ᠤᠰᠠᠳᠬᠠᠨ᠎ᠠ᠃ ᠬᠤᠨᠢᠨ ᠰᠦᠷᠦᠭ ᠲᠤ ᠲᠣᠭᠲᠠᠭᠰᠠᠨ ᠬᠤᠭᠤᠴᠠᠭ᠎ᠠ ᠲᠠᠢ ᠪᠠᠷ ᠬᠢᠵᠢᠭ ᠤᠨ ᠪᠠᠶᠢᠴᠠᠭᠠᠯᠲᠠ ᠬᠢᠵᠦ᠂ | ᠠᠷᠭ᠎ᠠ ᠴᠢᠨᠠᠷᠲᠠᠢ ᠪᠣᠳᠠᠭᠠᠯᠢ ᠪᠡᠶ᠎ᠡ ᠶᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ | 7. ᠬᠥᠮᠥᠨ ᠤ ᠬᠠᠮᠠᠭᠠᠯᠠᠯᠲᠠ ᠲᠡᠵᠢᠭᠡᠨ ᠠᠷᠠᠴᠢᠯᠠᠭᠴᠢ ᠪᠠ ᠬᠠᠮᠢᠶᠠᠷᠤᠯᠲᠠ ᠶᠢᠨ ᠠᠵᠢᠯᠲᠠᠨ ᠬᠤᠪᠢ ᠬᠥᠮᠥᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ | ᠬᠢᠬᠦ ᠬᠡᠷᠡᠭᠲᠡᠢ᠂ ᠵᠢᠱᠢᠶᠡᠯᠡᠪᠡᠯ ᠬᠠᠮᠠᠭᠠᠯᠠᠯᠲᠠ ᠶᠢᠨ ᠬᠤᠪᠴᠠᠰᠤ᠂ ᠪᠡᠭᠡᠯᠡᠢ ᠵᠡᠷᠭᠡ ᠶᠢ ᠡᠮᠦᠰᠴᠦ᠂ ᠬᠦᠷᠦᠯᠴᠡᠵᠦ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ | ᠸᠠᠺᠼᠢᠨ ᠢ ᠦᠢᠯᠡᠳᠬᠦ ᠪᠠ ᠬᠡᠷᠡᠭᠯᠡᠬᠦ ᠶᠠᠪᠤᠴᠠ ᠳᠤ᠂ ᠠᠵᠢᠯᠲᠠᠳ ᠪᠠᠰᠠ ᠠᠷᠢᠭᠤᠳᠬᠠᠬᠤ ᠪᠠ ᠰᠡᠷᠭᠡᠶᠢᠯᠡᠬᠦ ᠶᠢ ᠠᠩᠬᠠᠷᠴᠤ᠂ ᠬᠠᠯᠳᠠᠪᠤᠷᠢᠯᠠᠯ ᠡᠭᠦᠰᠬᠦ ᠪᠤᠶᠤ | ᠬᠠᠷᠰᠢᠮᠠᠲᠠᠭᠠᠢ ᠤᠷᠪᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠳᠡᠭᠡᠷᠡᠬᠢ ᠶᠢ ᠬᠤᠷᠢᠶᠠᠩᠭᠤᠶᠢᠯᠠᠪᠠᠯ᠂ ᠳᠡᠭᠡᠷᠡᠬᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠪᠠᠷ ᠳᠡᠮᠵᠢᠨ᠂ ᠠᠯᠠᠰᠢᠨ ᠬᠤᠨᠢᠨ ᠤ ᠪᠷᠦ᠋ᠼᠧᠯ ᠡᠪᠡᠳᠴᠢᠨ ᠤ ᠡᠭᠦᠰᠬᠦ ᠪᠠ ᠲᠠᠷᠬᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠵᠤ | ᠪᠣᠯᠣᠨ᠎ᠠ᠃ | |