11 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠬᠠᠢ | ᠬᠤᠳᠠ ᠳᠤ ᠬᠦᠷᠴᠦ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠪᠡ᠃ | | | 11 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠬᠠᠢ | ᠬᠤᠳᠠ ᠳᠤ ᠬᠦᠷᠴᠦ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠲᠣᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠵᠢᠯ ᠤᠨ ᠡᠴᠦᠰ ᠪᠤᠯᠲᠠᠯ᠎ᠠ ᠤᠳᠤ 50 ᠡᠳᠦᠷ ᠴᠧ ᠦᠭᠡᠢ ᠪᠣᠯᠵᠠᠢ᠂ | ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠡᠯ᠎ᠡ ᠵᠦᠢᠯ ᠤᠨ | ᠠᠵᠢᠯ ᠢᠶᠠᠨ ᠰᠠᠶᠢᠲᠤᠷ ᠬᠢᠵᠦ᠂ ᠰᠢᠪᠲᠤᠯᠤᠯᠲᠠ ᠶᠢᠨ ᠪᠠᠶᠢᠳᠠᠯ ᠢᠶᠠᠷ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠮᠤᠭ ᠤᠨ ᠶᠡᠭᠡ ᠴᠢᠷᠮᠠᠶᠢᠯᠭ᠎ᠠ | ᠭᠠᠷᠭᠠᠵᠤ ᠪᠠᠶᠢᠭᠠᠳ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠬᠤ ᠪᠠᠷ ᠴᠢᠷᠮᠠᠶᠢᠬᠤ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢᠨ ᠳᠤᠮᠳᠠ ᠣᠷᠣᠰᠢᠵᠤ | ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠡᠬᠢᠯᠡᠭᠦᠯᠬᠦ ᠶᠣᠰᠣᠲᠠᠢ ᠶᠢ ᠨᠢ | ᠪᠦᠭᠦᠨ ᠢ ᠡᠬᠢᠯᠡᠭᠦᠯᠵᠦ᠂ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠪᠦᠭᠦ ᠬᠦᠴᠦᠨ ᠢᠶᠠᠷ ᠠᠬᠢᠭᠤᠯᠵᠤ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ | ᠪᠦᠷᠢᠯᠳᠦᠭᠦᠯᠬᠦ ᠬᠡᠷᠡᠭᠲᠡᠢ᠃ ᠦᠬᠠᠢ ᠬᠤᠲᠠ ᠪᠣᠯ ᠡᠬᠢ ᠪᠠᠶᠠᠯᠢᠭ ᠤᠨ ᠭᠡᠯᠪᠡᠷᠢ ᠶᠢᠨ ᠨᠡᠶᠢᠲᠡᠯᠢᠭ ᠬᠤᠲᠠ ᠮᠥᠨ᠂ ᠭᠡᠯᠪᠡᠷᠢ ᠪᠠᠨ ᠬᠤᠪᠢᠷᠠᠭᠤᠯᠤᠨ ᠬᠥᠭᠵᠢᠬᠦ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠴᠢᠩᠭᠠᠳᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠲᠠᠯ᠎ᠠ ᠪᠠᠷ ᠵᠣᠷᠢᠭᠲᠠᠢ | ᠰᠦᠪᠡᠭᠴᠢᠯᠡᠯᠲᠡ ᠬᠢᠵᠦ᠂ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠪᠦᠭᠦ ᠣᠷᠣᠨ ᠳᠤ ︽ᠨᠢᠭᠡᠨ ᠵᠠᠮ ᠰᠦᠪᠡᠭᠴᠢᠯᠡᠵᠦ ᠥᠭᠬᠦ︾ ᠬᠡᠷᠡᠭᠲᠡᠢ᠃ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠲᠦᠷᠭᠡᠨ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠵᠤ᠂ ᠠᠷᠭ᠎ᠠ ᠰᠦᠪᠡᠭᠴᠢᠯᠡᠨ ᠠᠵᠤ | ᠠᠬᠤᠶᠢᠯᠠᠯ ᠤᠨ ᠬᠦᠴᠢᠷ ᠢ ᠲᠤᠭᠤᠯᠵᠦ᠂ ᠵᠠᠬ᠎ᠠ ᠳᠡᠯᠭᠡᠭᠦᠷ ᠢ ᠵᠠᠪᠳᠤᠨ ᠡᠵᠡᠯᠡᠬᠦ ᠳᠤ ᠳᠡᠮᠵᠢᠯᠭᠡ ᠦᠵᠡᠭᠦᠯᠭᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠵᠤ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠦᠬᠠᠢ ᠨᠠᠭᠤᠷ ᠤᠨ ᠨᠦᠯᠦᠮᠡᠯ ᠰᠢᠪᠠᠷ ᠢ ᠴᠡᠪᠡᠷᠯᠡᠬᠦ ᠠᠵᠢᠯ ᠢ ᠭᠦᠨᠵᠡᠭᠡᠢ ᠠᠬᠢᠭᠤᠯᠬᠤ | ᠬᠡᠷᠡᠭᠲᠡᠢ᠃ ᠠᠭᠤᠷᠬᠠᠢ ᠶᠢᠨ ᠵᠠᠰᠠᠯᠲᠠ᠂ ᠬᠤᠵᠢᠷᠯᠢᠭ ᠭᠠᠵᠠᠷ ᠤᠨ ᠵᠠᠰᠠᠯᠲᠠ ᠶᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠠᠢ ᠣᠷᠭᠠᠨᠢᠭ ᠢᠶᠠᠷ | ᠵᠣᠯᠭᠠᠭᠤᠯᠵᠤ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠵᠡᠷᠭᠡ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠡᠷᠡᠭᠯᠡᠵᠦ᠂ ᠶᠡᠷᠦᠩᠬᠡᠶᠢᠯᠡᠭᠰᠡᠨ ᠦᠢᠯᠡᠳᠦᠯ ᠢ ᠪᠠᠳᠠᠷᠠᠭᠤᠯᠵᠤ᠂ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠬᠤ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ | ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠬᠤ | ᠬᠡᠷᠡᠭᠲᠡᠢ᠃ ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠵᠠᠯᠭᠠᠮᠵᠢᠯᠠᠬᠤ᠂ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠥᠪ ᠢ ᠬᠠᠮᠠᠭᠠᠯᠠᠬᠤ | ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠭ᠎ᠠ ᠪᠦᠭᠦᠨ ᠢ ᠰᠦᠪᠡᠭᠴᠢᠯᠡᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠢᠷᠡᠬᠦ ᠵᠢᠯ ᠤᠨ ᠠᠵᠢᠯ ᠢ ᠡᠷᠲᠡ ᠠᠴᠠ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠣᠳᠠᠲᠠᠢ | ᠬᠡᠷᠡᠭᠵᠢᠭᠦᠯᠵᠦ ᠪᠣᠯᠬᠤᠶᠢᠴᠠ ᠰᠡᠳᠬᠢᠴᠡ ᠪᠠ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠭᠠᠷᠭᠠᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠵᠠᠢ᠃ | |