ᠲᠥᠪ ᠤᠨ ᠵᠠᠭᠤᠴᠢᠯᠠᠭᠤᠷ ᠤᠨ ᠬᠢᠨ ᠥᠪᠥᠷ ᠮᠣᠩᠭᠤᠯ ᠳᠤ ᠠᠩᠬᠠᠷᠤᠯ ᠲᠠᠯᠪᠢᠨᠠᠮ | ᠥᠪᠥᠷ ᠮᠣᠩᠭᠤᠯ ᠤᠨ ᠭᠤᠶᠢᠳᠠ ᠰᠠᠶᠢᠬᠠᠨ | 2024 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ᠂ ᠰᠢᠨᠬᠤᠸᠠ ᠬᠤᠷᠢᠶᠠᠨ ᠤ ᠬᠡᠷᠡᠭᠯᠡᠭᠴᠢ ᠶᠢᠨ ᠦᠵᠦᠭᠦᠷ ᠲᠤ ᠪᠠᠨ ︽ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠪᠠᠶᠢᠴᠠᠭᠠᠨ ᠰᠤᠳᠤᠯᠤᠯᠲᠠ ᠶᠢᠨ ᠠᠶᠠᠯᠠᠯ - ᠣᠷᠣᠨ ᠪᠦᠰᠡ ᠶᠢ ᠦᠵᠡᠬᠦᠢ · ᠪᠠᠷᠠᠭᠤᠨ ᠣᠷᠣᠨ ᠤ ᠪᠦᠯᠦᠭ | ᠥᠪᠥᠷ ᠮᠣᠩᠭᠤᠯ ᠤᠨ | ᠭᠤᠶᠢᠳᠠ ᠰᠠᠶᠢᠬᠠᠨ︾ ᠬᠡᠮᠡᠬᠦ ᠮᠡᠳᠡᠭᠡᠯᠡᠯ ᠨᠡᠶᠢᠲᠡᠯᠡᠪᠡ᠃ ᠪᠥᠬᠦ ᠵᠣᠬᠢᠶᠠᠯ ᠨᠢ ᠳᠠᠷᠠᠭᠠᠬᠢ ᠮᠡᠲᠦ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠵᠢᠷᠤᠭ ᠢ ᠳᠡᠯᠭᠡᠬᠦᠶᠡ᠂ ᠠᠭᠤᠯᠠ ᠨᠢᠷᠤᠭᠤ ᠨᠢ ᠰᠦᠨᠳᠡᠷᠯᠡᠨ ᠰᠡᠬᠦᠶᠢᠵᠦ᠂ ᠭᠤᠣᠯ | ᠮᠥᠷᠡᠨ ᠨᠢ ᠤᠭᠠᠯᠵᠠᠯᠠᠨ ᠰᠦᠯᠵᠢᠯᠳᠦᠵᠦ᠂ ᠣᠢ ᠰᠢᠭᠤᠢ ᠨᠢ ᠬᠥᠬᠡᠷᠡᠨ ᠰᠠᠬᠤᠯᠢᠭᠵᠢᠨ᠂ ᠠᠮᠤ ᠲᠠᠷᠢᠶ᠎ᠠ ᠨᠢ ᠪᠣᠯᠪᠠᠰᠤᠷᠠᠨ ᠨᠠᠶᠢᠭᠤᠵᠤ᠂ ᠨᠠᠭᠤᠷ ᠪᠦᠷᠢᠳᠦ ᠨᠢ | ᠴᠡᠩᠬᠡᠷᠯᠡᠨ ᠲᠤᠨᠤᠷᠠᠵᠤ᠂ ᠡᠪᠡᠰᠦ ᠤᠷᠭᠤᠮᠠᠯ ᠨᠢ ᠦᠷᠡᠯᠡᠨ ᠬᠠᠯᠢᠭᠤᠷᠠᠵᠤ᠂ ᠡᠯᠡᠰᠦ ᠮᠠᠩᠬ᠎ᠠ ᠨᠢ ᠰᠢᠷᠭᠠᠯᠲᠤᠨ ᠨᠡᠯᠦᠶᠢᠨ᠎ᠡ᠃ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠪᠠᠬᠢᠵᠢᠭᠦᠯᠬᠦ ᠳᠤ | ᠰᠠᠭᠤᠷᠢᠯᠠᠨ᠂ ᠥᠪᠥᠷ ᠮᠣᠩᠭᠤᠯ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠡᠶ᠎ᠡ ᠵᠣᠬᠢᠴᠠᠯ ᠲᠠᠢ ᠬᠠᠮᠲᠤ ᠣᠷᠣᠰᠢᠨ ᠬᠥᠭᠵᠢᠭᠦᠯᠵᠦ᠂ | ᠬᠠᠮᠲᠤ ᠳᠤ ᠨᠢ ᠭᠤᠶᠣ ᠠᠴᠠ ᠭᠤᠶᠣ ᠪᠣᠯᠭᠠᠵᠤ ᠪᠠᠭ᠋ᠠᠷᠬᠠᠨ᠂ ᠡᠬᠡ ᠤᠯᠤᠰ ᠤᠨ ᠤᠮᠠᠷᠠᠲᠤ ᠬᠢᠯᠢ ᠶᠢᠨ ᠬᠠᠮᠤᠭ ᠤᠨ ︽ᠭᠤᠶᠢᠳᠠ ᠰᠠᠶᠢᠬᠠᠨ︾ ᠦᠵᠡᠮᠵᠢ ᠶᠢᠨ ᠣᠷᠣᠨ ᠢ | ᠵᠢᠷᠤᠭᠯᠠᠪᠠ᠃ | | | | | | | | | | | | | | | | | | | | | | | |