ᠵᠢᠱᠢᠭᠰᠡᠨ ᠬᠠᠷᠠᠯᠲᠠ ᠪᠠᠨ ᠪᠦᠬᠦᠨ ᠢ ᠪᠡᠶᠡᠯᠡᠭᠦᠯᠪᠡ︕ ᠥᠪᠥᠷ ᠮᠣᠩᠭᠤᠯ ᠤᠨ ᠬᠢᠨ ᠣᠯᠠᠨ ᠳᠤ ᠱᠠᠭᠰᠢᠭᠤᠯᠤᠮᠠᠷ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠪᠠ
ᠨᠡᠶᠢᠲᠡᠯᠡᠭᠰᠡᠨ ᠴᠠᠭ᠄
2024/11/25
        2023 ᠣᠨ ᠳᠤ        ᠥᠪᠥᠷ ᠮᠣᠩᠭᠤᠯ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ        ᠣᠨ ᠤ ᠡᠭᠦᠷᠭᠡ ᠶᠢᠨ ᠢᠶᠠᠨ 151% ᠶᠢ ᠪᠡᠶᠡᠯᠡᠭᠦᠯᠪᠡ        2024 ᠣᠨ ᠳᠤ        1954 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ        ᠣᠨ ᠤ ᠡᠭᠦᠷᠭᠡ ᠶᠢᠨ ᠢᠶᠠᠨ 113% ᠶᠢ ᠪᠡᠶᠡᠯᠡᠭᠦᠯᠪᠡ        ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠤᠷᠳᠤᠴᠠ︾ ᠪᠠᠨ ᠲᠦᠷᠭᠡᠳᠬᠡᠪᠡ        ᠡᠳᠡᠭᠡᠷ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠤ ᠠᠷᠤ ᠳᠤ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠷᠴᠢᠮ ᠴᠢᠩᠭ᠎ᠠ ᠪᠠᠶᠢᠬᠤ ᠶᠢ ᠬᠠᠷᠠᠭᠤᠯᠵᠤ ᠪᠠᠶᠢᠨ᠎ᠠ        ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠥᠪᠥᠷ ᠮᠣᠩᠭᠤᠯ ᠤᠨ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ        ᠬᠡᠷᠬᠢᠨ ᠥᠪᠥᠷ ᠮᠣᠩᠭᠤᠯ ᠤᠨ ᠲᠡᠭᠷᠢ ᠶᠢ ᠨᠠᠩ ᠬᠥᠬᠡ  ᠤᠰᠤ ᠶᠢ ᠨᠠᠩ ᠲᠤᠩᠭᠠᠯᠠᠭ  ᠡᠪᠡᠰᠦ ᠶᠢ ᠨᠠᠩ ᠨᠣᠭᠤᠭᠠᠨ ᠪᠣᠯᠭᠠᠬᠤ ᠪᠣᠢ        ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠷᠤ ᠳᠠᠬᠢ ᠥᠭᠡᠷᠡᠴᠢᠯᠡᠯᠲᠡ ᠶᠢᠨ ᠨᠢᠭᠤᠴᠠ ᠨᠣᠮᠧᠷ ᠢ ᠰᠦᠪᠡᠭᠴᠢᠯᠡᠬᠦ ᠲᠠᠯ᠎ᠠ ᠪᠠᠷ ᠲᠠᠪᠤᠨ ᠰᠠᠯᠠᠭ᠎ᠠ ᠮᠥᠴᠢᠷ ᠤᠨ ᠬᠢᠨ ᠢᠵᠢᠯ ᠨᠢᠭᠡᠨ ᠰᠡᠳᠦᠪ ᠢ ᠬᠠᠮᠲᠤ ᠪᠠᠷ ᠬᠠᠷᠢᠭᠤᠯᠵᠠᠭᠠᠪᠠ︕
112506.1.jpg
        11 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ  ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠰᠡᠨ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ - ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ︾ ᠲᠤᠰᠬᠠᠢ ᠲᠠᠯᠠᠪᠤᠷ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢ ᠤᠷᠢᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠤᠭᠰᠠᠨ ᠤ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠨᠤᠭᠤᠳ ᠢ ᠬᠠᠷᠢᠭᠤᠯᠪᠠ᠃        ᠦᠵᠡᠰᠭᠦᠯᠡᠩ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠲᠡᠳᠡ ᠡᠳᠡᠭᠡᠷ flag ᠢ ᠪᠣᠰᠬᠠᠪᠠ                                    ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠲᠢᠩᠬᠢᠮ                                               ︽ᠲᠡᠭ ᠪᠣᠯᠭᠠᠬᠤ ᠬᠠᠷᠠᠯᠲᠠ︾
112506.2.jpg
        ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠲᠢᠩᠬᠢᠮ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠢ 100% ᠪᠠᠷ ᠬᠠᠩᠭᠠᠬᠤ ᠶᠢ ᠦᠷᠭᠦᠯᠵᠢᠯᠡᠨ ᠠᠬᠢᠭᠤᠯᠵᠤ᠂ ᠵᠢᠱᠢᠶ᠎ᠡ ᠦᠵᠡᠭᠦᠯᠬᠦ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 100 ᠺᠦᠸᠠᠳ᠋ ᠺᠢᠯᠣᠮᠧᠲᠷ ᠰᠡᠷᠭᠦᠭᠡᠨ ᠵᠠᠰᠠᠬᠤ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠡᠭ ᠪᠣᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ
112506.3.jpg
        ᠥᠪᠥᠷ ᠮᠣᠩᠭᠤᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠦᠴᠦᠨ ᠵᠦᠢᠯ ᠤᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠡᠬᠡ ᠵᠢᠷᠤᠭ᠂ ᠨᠢᠭᠡ ᠢᠵᠢ ᠭᠤᠷᠪᠠᠨ ᠬᠤᠪᠢᠶᠠᠷᠢ ᠲᠣᠭᠤᠷᠢᠭ ᠤᠨ ᠣᠷᠴᠢᠨ ᠲᠣᠭᠤᠷᠢᠨ ᠢ ᠬᠠᠮᠢᠶᠠᠷᠤᠨ ᠡᠵᠡᠮᠳᠡᠬᠦ ᠨᠢᠭᠡᠴᠢ ᠪᠠ ᠨᠢᠭᠡ ᠬᠤᠪᠢ ᠣᠯᠠᠨ ᠲᠠᠰ ᠳᠠᠪᠬᠤᠷᠭ᠎ᠠ᠂ ᠣᠯᠠᠨ ᠬᠡᠮᠵᠢᠯᠲᠦ ᠶᠢᠨ ᠵᠥᠪᠰᠢᠶᠡᠷᠡᠯ ᠤᠨ ᠨᠠᠷᠢᠨ ᠲᠠᠩᠰᠠ ᠶᠢ ᠪᠣᠶ ᠪᠣᠯᠭᠠᠵᠤ᠂ ᠨᠡᠭᠡᠭᠡᠨ ᠬᠥᠭᠵᠢᠭᠦᠯᠵᠦ ᠬᠠᠮᠠᠭᠠᠯᠠᠵᠤ ᠪᠦᠲᠦᠭᠡᠨ ᠪᠠᠶᠢᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠪᠠ᠃                                   ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ                                         ︽6 ᠲᠠᠯ᠎ᠠ ᠪᠠᠷ 48 ᠵᠦᠢᠯ ᠤᠨ ᠪᠣᠳᠠᠲᠠᠢ ᠠᠷᠭ᠎ᠠ ᠬᠡᠮᠵᠢᠶ᠎ᠡ︾
112506.4.jpg
        ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪ ᠪᠠᠶᠢᠳᠠᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ        ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠢ 100% ᠪᠠᠷ ᠬᠠᠩᠭᠠᠬᠤ ᠶᠢ ᠦᠷᠭᠦᠯᠵᠢᠯᠡᠨ ᠠᠬᠢᠭᠤᠯᠪᠠ᠃        ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠷᠨᠢᠭᠦᠯᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠭᠤᠷᠬᠠᠢ ᠵᠢᠴᠢ ᠲᠡᠭᠦᠨ ᠤ ᠡᠷᠬᠢᠨ ᠲᠣᠭᠤᠷᠢᠨ ᠳᠠᠬᠢ 10 ᠺᠢᠯᠣᠮᠧᠲᠷ ᠤᠨ ᠵᠠᠶᠢᠲᠠᠢ ᠭᠠᠵᠠᠷ ᠣᠷᠣᠨ ᠤ ᠵᠠᠰᠠᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 100 ᠺᠦᠸᠠᠳ᠋ ᠺᠢᠯᠣᠮᠧᠲᠷ ᠰᠡᠷᠭᠦᠭᠡᠨ ᠵᠠᠰᠠᠬᠤ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠡᠭ ᠪᠣᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ                              ︽ᠰᠦᠯᠵᠢᠶᠡᠨ ᠳᠤ ᠭᠠᠷᠭᠠᠬᠤ︾ ᠶᠢ ᠲᠣᠳᠣᠷᠬᠠᠶᠢᠯᠠᠵᠤ ︽ᠤᠯᠠᠭᠠᠨ ᠱᠤᠭᠤᠮ︾ ᠢ ᠪᠠᠶᠢᠭᠤᠯᠪᠠ
112506.5.jpg
        ᠤᠯᠤᠰ ᠠᠴᠠ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠶᠢ ᠬᠠᠮᠤᠷᠤᠭᠰᠠᠨ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ︽ᠳᠡᠭᠡᠳᠦ ᠬᠢᠵᠠᠭᠠᠷ︾ ᠢ ᠲᠣᠳᠣᠷᠬᠠᠶᠢᠯᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠠᠲᠠᠭᠤ ᠬᠢᠵᠠᠭᠠᠷᠯᠠᠯ ᠤᠨ ︽ᠤᠯᠠᠭᠠᠨ ᠱᠤᠭᠤᠮ︾ ᠢ ᠪᠠᠶᠢᠭᠤᠯᠪᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠤᠰᠤ ᠪᠠᠷ ᠳᠥᠷᠪᠡᠨ ᠵᠦᠢᠯ ᠢ ᠲᠣᠭᠲᠠᠭᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠴᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃
112506.6.jpg
                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                 1151 ᠲᠦᠮᠡᠨ ᠮᠦ  1.19 ᠳ᠋ᠦᠩᠰᠢᠭᠤᠷ ᠺᠢᠯᠣᠸᠠᠲ
112506.7.jpg
        ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ᠂ ᠢᠨᠵᠧᠨᠧᠷᠢᠩ ᠤᠨ ᠠᠭᠤᠰᠤᠯᠴᠠᠯ᠂ ᠣᠯᠠᠨ ᠡᠰᠢᠲᠦ ᠣᠷᠣᠭᠤᠯᠤᠯᠲᠠ ᠵᠡᠷᠭᠡ 7 ᠲᠠᠯ᠎ᠠ ᠠᠴᠠ ᠰᠢᠨ᠎ᠡ ᠡᠭᠦᠳᠦᠯᠲᠡ ᠶᠢ ᠠᠳᠬᠤᠨ᠎ᠠ᠃ 2030 ᠣᠨ ᠪᠣᠯᠬᠤ ᠳᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠢᠶᠠᠷ 1151 ᠲᠦᠮᠡᠨ ᠮᠦ ᠡᠯᠡᠰᠦᠷᠡᠭᠰᠡᠨ ᠭᠠᠵᠠᠷ ᠰᠢᠷᠣᠢ ᠶᠢ ᠵᠠᠰᠠᠵᠤ᠂ 1.19 ᠳ᠋ᠦᠩᠰᠢᠭᠤᠷ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ ᠪᠦᠷᠢᠳᠦᠭᠦᠯᠦᠨ᠎ᠡ᠃
112506.8.jpg
                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ       ᠭᠤᠷᠪᠠᠨ ᠭᠠᠵᠠᠷ ᠣᠷᠣᠨ ᠢ ᠬᠤᠶᠠᠳᠤᠭᠠᠷ ᠪᠦᠯᠦᠭ ᠤᠨ ᠤᠯᠤᠰ ᠤᠨ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠨ᠎ᠠ
112506.9.jpg
        ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠣᠬᠢᠷᠲᠤᠯ ᠦᠭᠡᠢ ᠬᠡᠷᠡᠭᠯᠡᠭᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠠᠬᠢᠭᠤᠯᠬᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃        ᠪᠤᠭᠤᠲᠤ᠂ ᠣᠷᠳᠣᠰ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠠᠩᠬᠠᠳᠠᠭᠴᠢ ᠪᠦᠯᠦᠭ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠬᠠᠮᠲᠤ᠂ ᠪᠥᠬᠦ ᠣᠷᠣᠨ ᠤ ᠬᠡᠪᠴᠢᠶᠡᠨ ᠳᠤ ᠨᠢᠭᠡ ᠪᠦᠯᠦᠭ ᠲᠥᠯᠥᠭᠡᠯᠡᠬᠦ ᠴᠢᠨᠠᠷᠲᠠᠢ ᠠᠶᠢᠮᠠᠭ ᠬᠤᠲᠠ ᠪᠣᠯᠣᠨ ᠬᠦᠷᠢᠶᠡᠯᠡᠩ ᠲᠣᠭᠤᠷᠢᠭ ᠢ ᠰᠣᠩᠭᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠬᠥᠯᠥᠨ ᠪᠤᠶᠢᠷ᠂ ᠬᠢᠩᠭᠠᠨ ᠠᠶᠢᠮᠠᠭ᠂ ᠤᠯᠠᠭᠠᠨᠬᠠᠳᠠ ᠭᠤᠷᠪᠠᠨ ᠭᠠᠵᠠᠷ ᠣᠷᠣᠨ ᠢ ᠬᠤᠶᠠᠳᠤᠭᠠᠷ ᠪᠦᠯᠦᠭ ᠤᠨ ᠤᠯᠤᠰ ᠤᠨ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠵᠤ ᠪᠠᠶᠢᠨ᠎ᠠ᠃        ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠨᠡ ᠬᠦ ᠰᠢᠯᠭᠠᠯᠲᠠ ᠶᠢᠨ ᠬᠠᠭᠤᠳᠠᠰᠤ ᠶᠢ ᠰᠠᠶᠢᠲᠤᠷ ᠪᠡᠶᠡᠯᠡᠭᠦᠯᠬᠦ ᠶᠢᠨ ᠲᠥᠯᠥᠭᠡ ᠥᠪᠥᠷ ᠮᠣᠩᠭᠤᠯ ᠤᠨ ᠬᠢᠨ ᠢᠵᠢᠯ ᠨᠢᠭᠡᠨ ᠰᠡᠳᠦᠪ ᠢ ᠬᠠᠮᠲᠤ ᠪᠠᠷ ᠬᠠᠷᠢᠭᠤᠯᠵᠤ  ᠬᠠᠮᠲᠤᠷᠠᠨ ᠠᠵᠢᠯᠯᠠᠵᠤ ᠪᠠᠶᠢᠬᠤ ᠨᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠭᠡᠰᠡᠨ ᠬᠠᠷᠠᠯᠲᠠ ᠶᠢᠨ ᠲᠥᠯᠥᠭᠡ ᠶᠤᠮ︕
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ