11 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ᠂ ᠰᠦᠨ ᠱᠤᠤ ᠴᠧᠩ ᠤᠯᠠᠭᠠᠨᠬᠠᠳᠠ ᠬᠤᠲᠠ ᠳᠤ ᠭᠦᠨᠵᠡᠭᠡᠶᠢᠷᠡᠵᠦ᠂ ᠪᠦᠭᠦ ᠵᠢᠯ ᠤᠨ | ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠡᠭᠦᠷᠭᠡ ᠶᠢ ᠠᠬᠢᠭᠤᠯᠵᠤ ᠪᠠᠶᠢᠭ᠎ᠠ ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠭᠰᠠᠨ ᠪᠥᠭᠡᠳ ᠰᠤᠷᠪᠤᠯᠵᠢᠯᠠᠯ | ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠪᠠ᠃ | | 11 ᠰᠠᠷ᠎ᠠ ᠶᠢᠨ 19 ᠤ ᠡᠳᠦᠷ᠂ ᠰᠦᠨ ᠱᠤᠤ ᠴᠧᠩ ᠬᠤᠩᠱᠠᠨ ᠲᠣᠭᠤᠷᠢᠭ ᠤᠨ ᠰᠢᠩ ᠯᠦᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ | ᠠᠷᠠᠳ ᠯᠢ ᠴᠢᠩ ᠤᠨ ᠭᠡᠷ ᠲᠤ ᠬᠦᠷᠴᠦ᠂ ᠳᠤᠯᠠᠭᠠᠯᠠᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠤᠷᠪᠤᠯᠵᠢᠯᠠᠬᠴᠢ ᠮᠠ ᠵᠢᠶᠠᠨ | ᠪᠢᠩ ᠰᠡᠭᠦᠳᠡᠷᠯᠡᠪᠡ | | 11 ᠰᠠᠷ᠎ᠠ ᠶᠢᠨ 19 ᠤ ᠡᠳᠦᠷ᠂ ᠰᠦᠨ ᠱᠤᠤ ᠴᠧᠩ ᠳ᠋ᠦᠩ ᠯᠢ ᠢᠮᠠᠭᠠᠨ ᠨᠣᠣᠯᠣᠭᠤᠷ ᠤᠨ ᠺᠤᠮᠫᠠᠨᠢ ᠳᠤ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | 11 ᠰᠠᠷ᠎ᠠ ᠶᠢᠨ 19 ᠤ ᠡᠳᠦᠷ᠂ ᠰᠦᠨ ᠱᠤᠤ ᠴᠧᠩ ᠥᠪᠥᠷ ᠮᠣᠩᠭᠤᠯ ᠤᠨ ᠠᠷᠪᠠᠳᠤᠭᠠᠷ ᠭᠠᠵᠠᠷ ᠰᠢᠨᠵᠢᠯᠡᠭᠡ ᠠᠭᠤᠷᠬᠠᠢ ᠬᠠᠶᠢᠨ ᠪᠠᠶᠢᠴᠠᠭᠠᠵᠤ ᠨᠡᠭᠡᠭᠡᠨ | ᠬᠥᠭᠵᠢᠭᠦᠯᠬᠦ ᠺᠤᠮᠫᠠᠨᠢ ᠳᠤ ᠠᠭᠤᠷᠬᠠᠢ ᠡᠷᠢᠬᠦ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃᠃ ᠰᠤᠷᠪᠤᠯᠵᠢᠯᠠᠬᠴᠢ ᠮᠠ ᠵᠢᠶᠠᠨ ᠪᠢᠩ | ᠰᠡᠭᠦᠳᠡᠷᠯᠡᠪᠡ | | 11 ᠰᠠᠷ᠎ᠠ ᠶᠢᠨ 19 ᠤ ᠡᠳᠦᠷ᠂ ᠰᠦᠨ ᠱᠤᠤ ᠴᠧᠩ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ | ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠠᠵᠤ ᠠᠬᠤᠢ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠪᠠ᠃ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠮᠠᠰᠢ ᠬᠠᠯᠠᠮᠵᠢᠯᠠᠵᠤ᠂ ᠬᠤᠩᠱᠠᠨ ᠲᠣᠭᠤᠷᠢᠭ ᠤᠨ ᠰᠢᠩ | ᠯᠦᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠯᠢ ᠴᠢᠩ ᠤᠨ ᠭᠡᠷ ᠲᠤ ᠬᠦᠷᠴᠦ᠂ ᠳᠤᠯᠠᠭᠠᠯᠠᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠪᠡ᠃ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠬᠡᠳᠦᠢ ᠪᠠᠶᠢᠬᠤ᠂ ᠳᠤᠯᠠᠭᠠᠴᠠᠭᠤᠷ ᠬᠠᠯᠠᠭᠤᠨ ᠪᠠᠶᠢᠬᠤ ᠡᠰᠡᠬᠦ᠂ ᠡᠮᠦᠨᠡᠬᠢ ᠲᠠᠢ ᠬᠠᠷᠢᠴᠠᠭᠤᠯᠪᠠᠯ ᠶᠠᠮᠠᠷ | ᠵᠡᠷᠭᠡ ᠪᠠᠶᠢᠨ᠎ᠠ ᠭᠡᠬᠦ ᠮᠡᠲᠦ ᠪᠠᠷ ᠲᠡᠷᠡ ᠮᠠᠰᠢ ᠨᠠᠷᠢᠨ ᠠᠰᠠᠭᠤᠪᠠ᠃ ᠨᠢᠭᠡ ᠭᠡᠷ ᠢᠶᠠᠷ ᠢᠶᠠᠨ ᠳᠤᠯᠠᠭᠠᠯᠠᠭ᠎ᠠ ᠳᠤ ᠮᠠᠰᠢ ᠬᠠᠨᠤᠮᠵᠢᠲᠠᠢ ᠪᠠᠶᠢᠬᠤ ᠶᠢ ᠮᠡᠳᠡᠭᠡᠳ ᠰᠦᠨ ᠱᠤᠤ | ᠴᠧᠩ ᠳᠤᠯᠠᠭᠠᠯᠠᠭ᠎ᠠ ᠶᠢᠨ ᠢᠨᠵᠧᠨᠧᠷᠢᠩ ᠪᠣᠯ ᠬᠥᠮᠥᠰ ᠤᠨ ᠰᠡᠳᠬᠢᠯ ᠢ ᠳᠤᠯᠠᠭᠠᠴᠠᠭᠤᠯᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ ᠭᠠᠵᠠᠷ ᠤᠨ ᠬᠢᠨ | ᠳᠤᠯᠠᠭᠠᠯᠠᠭ᠎ᠠ ᠶᠢᠨ ᠲᠤᠨᠤᠭ ᠲᠥᠬᠦᠭᠡᠷᠦᠮᠵᠢ ᠶᠢ ᠰᠠᠶᠢᠲᠤᠷ ᠬᠠᠮᠠᠭᠠᠯᠠᠵᠤ᠂ ᠤᠯᠠᠨ ᠲᠦᠮᠡᠨ ᠤ ᠳᠠᠭᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠳ᠋ᠦᠩ ᠯᠢ | ᠢᠮᠠᠭᠠᠨ ᠨᠣᠣᠯᠣᠭᠤᠷ ᠤᠨ ᠺᠤᠮᠫᠠᠨᠢ ᠳᠤ ᠰᠦᠨ ᠱᠤᠤ ᠴᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠠᠴᠠ ᠭᠠᠷᠳᠠᠵᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠪᠣᠳᠠᠲᠠᠢ ᠬᠠᠪᠰᠤᠷᠤᠯᠭ᠎ᠠ ᠦᠵᠡᠭᠦᠯᠭᠦ ᠬᠡᠷᠡᠭᠲᠡᠢ ᠭᠡᠵᠦ ᠵᠠᠬᠢᠪᠠ᠃ ᠥᠪᠥᠷ | ᠮᠣᠩᠭᠤᠯ ᠤᠨ ᠠᠷᠪᠠᠳᠤᠭᠠᠷ ᠭᠠᠵᠠᠷ ᠰᠢᠨᠵᠢᠯᠡᠭᠡ ᠠᠭᠤᠷᠬᠠᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠺᠤᠮᠫᠠᠨᠢ ᠳᠤ ᠰᠦᠨ ᠱᠤᠤ ᠴᠧᠩ ᠠᠭᠤᠷᠬᠠᠢ ᠡᠷᠢᠬᠦ | ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠠᠭᠠᠨᠬᠠᠳᠠ ᠬᠤᠲᠠ ᠶᠢᠨ ᠠᠭᠤᠷᠬᠠᠢ ᠶᠢᠨ ᠡᠬᠢ ᠪᠠᠶᠠᠯᠢᠭ ᠡᠯᠪᠡᠭ᠂ ᠠᠭᠤᠷᠬᠠᠢ ᠡᠷᠢᠬᠦ | ᠠᠵᠢᠯᠯᠠᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ | ᠨᠡᠭᠡᠭᠡᠨ ᠮᠠᠯᠲᠠᠬᠤ ᠨᠥᠬᠦᠴᠡᠯ ᠳᠤ ᠨᠡᠶᠢᠴᠡᠬᠦ ᠠᠭᠤᠷᠬᠠᠢ ᠶᠢ ᠲᠦᠷᠭᠡᠨ ᠨᠡᠭᠡᠭᠡᠨ ᠮᠠᠯᠲᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ | ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ ᠭᠡᠪᠡ᠃ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠠᠮᠢ ᠠᠬᠤᠢ ᠶᠢᠨ | ᠠᠵᠤ ᠦᠢᠯᠡᠰ ᠤᠨ ᠬᠦᠷᠢᠶᠡᠯᠡᠩ ᠳᠤ ᠰᠦᠨ ᠱᠤᠤ ᠴᠧᠩ ᠮᠠᠯ ᠠᠵᠤ ᠠᠬᠤᠢ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠬᠢᠨ ᠢ ᠨᠠᠷᠢᠯᠢᠭ ᠪᠤᠯᠪᠠᠰᠤᠷᠠᠭᠤᠯᠬᠤ ᠪᠠ ᠲᠦᠷᠦᠯ ᠲᠡᠮᠳᠡᠭ ᠢ ᠡᠭᠦᠳᠬᠦ ᠳᠡᠭᠡᠷ᠎ᠡ | ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠢᠳᠡᠪᠬᠢᠲᠡᠢ ᠠᠬᠢᠭᠤᠯᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠭᠦ ᠬᠡᠷᠡᠭᠲᠡᠢ | ᠭᠡᠵᠦ ᠵᠣᠷᠢᠭᠵᠢᠭᠤᠯᠪᠠ᠃ | | 11 ᠰᠠᠷ᠎ᠠ ᠶᠢᠨ 20 ᠤ ᠡᠳᠦᠷ᠂ ᠰᠦᠨ ᠱᠤᠤ ᠴᠧᠩ ᠰᠠᠭᠤᠳᠠᠯ ᠤᠨ ᠬᠤᠷᠠᠯ ᠡᠷᠬᠢᠯᠡᠨ ᠬᠤᠷᠠᠯᠳᠤᠭᠤᠯᠵᠤ᠂ ᠤᠯᠠᠭᠠᠨᠬᠠᠳᠠ ᠬᠤᠲᠠ ᠶᠢᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠤᠯᠠᠭᠠᠨᠬᠠᠳᠠ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ ᠣᠲᠣ ᠵᠢᠯ ᠤᠨ | ᠡᠴᠦᠰ ᠪᠤᠯᠲᠠᠯ᠎ᠠ ᠵᠥᠪᠭᠡᠨ 40 ᠭᠠᠷᠤᠢ ᠡᠳᠦᠷ ᠪᠠᠶᠢᠨ᠎ᠠ᠂ ᠳᠠᠷᠤᠭᠠᠰᠤ ᠲᠠᠢ ᠪᠠᠶᠢᠬᠤ ᠰᠡᠳᠬᠢᠯ ᠢᠶᠠᠷ ᠡᠷᠴᠢ ᠵᠣᠷᠢᠭ ᠢᠶᠠᠨ ᠬᠥᠪᠴᠢᠯᠡᠨ ᠰᠡᠭᠦᠯ ᠬᠤᠷᠢᠶᠠᠬᠤ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠵᠠ ᠲᠣᠭᠢᠶᠠᠯ ᠢ ᠠᠳᠬᠤᠨ᠂ ᠢᠯᠡᠭᠦᠬᠡᠨ ᠦᠷ᠎ᠡ ᠪᠦᠲᠦᠭᠡᠯ ᠭᠠᠷᠭᠠᠵᠤ᠂ | ᠡᠷᠲᠡᠬᠡᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠦᠨᠳᠦᠰᠦᠨ ᠱᠠᠲᠤᠨ ᠳᠤ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ | ᠠᠬᠢᠭᠤᠯᠬᠤ︾ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠡᠳᠡᠨ ᠤ ᠳᠠᠷᠤᠭᠠᠰᠤ ᠶᠢ ᠬᠥᠩᠭᠡᠷᠡᠭᠦᠯᠬᠦ᠂ ᠡᠷᠬᠡ ᠶᠢ ᠳᠣᠷᠣᠭᠰᠢ ᠪᠠᠭᠤᠯᠭᠠᠬᠤ᠂ | ᠬᠦᠴᠢᠷᠳᠡᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠲᠡᠳᠡᠨ ᠤ ᠬᠢᠪᠡᠰᠦ ᠵᠣᠬᠢᠬᠤ ᠠᠵᠢᠯ ᠢᠶᠠᠨ ᠰᠠᠶᠢᠲᠤᠷ ᠬᠢᠵᠦ᠂ ᠲᠤᠭᠤᠰᠢᠲᠠᠢ ᠬᠢᠬᠦ ᠶᠢ ᠪᠠᠲᠤᠯᠠᠬᠤ ᠬᠡᠷᠡᠭᠲᠡᠢ᠃ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠳᠤ ᠶᠢᠨ ᠪᠠᠶᠢᠭ᠎ᠠ ᠠᠵᠤ ᠠᠬᠤᠶᠢᠯᠠᠯ ᠪᠣᠯᠣᠨ ᠲᠦᠷᠦᠯ ᠵᠦᠢᠯ ᠳᠤ ᠦᠢᠯᠡᠴᠢᠯᠡᠵᠦ ᠪᠠᠲᠤᠯᠠᠭ᠎ᠠ | ᠬᠠᠩᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠭᠡᠯᠪᠡᠷᠢ ᠶᠢᠨ | ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠪᠣᠶᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠬᠠᠢ ᠶᠢᠨ | ᠭᠠᠵᠠᠷ ᠠᠴᠠ ᠪᠠᠨ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠢᠷᠡᠬᠦ ᠵᠢᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠰᠠᠶᠢᠲᠤᠷ | ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠤᠯᠠᠭᠠᠨᠬᠠᠳᠠ ᠬᠤᠲᠠ ᠪᠣᠯ ᠬᠤᠩᠱᠠᠨ ᠰᠣᠶᠣᠯ ᠤᠨ ᠡᠭᠦᠰᠦᠯ ᠤᠨ ᠴᠢᠬᠤᠯᠠ | ᠭᠠᠵᠠᠷ ᠪᠣᠯᠣᠨ᠎ᠠ᠂ ᠬᠤᠩᠱᠠᠨ ᠰᠣᠶᠣᠯ ᠢ ᠤᠮᠠᠷᠠᠲᠤ ᠬᠢᠯᠢ ᠶᠢᠨ ᠰᠣᠶᠣᠯ ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠰᠤᠳᠤᠯᠤᠨ ᠲᠠᠶᠢᠯᠪᠤᠷᠢᠯᠠᠵᠤ᠂ ᠬᠤᠩᠱᠠᠨ | ᠰᠣᠶᠣᠯ ᠤᠨ ᠦᠯᠡᠳᠡᠭᠳᠡᠯ ᠢ ᠰᠢᠰᠲ᠋ᠧᠮᠳᠤ ᠴᠢᠨᠠᠷᠲᠠᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠬᠤᠩᠱᠠᠨ ᠰᠣᠶᠣᠯ ᠤᠨ ᠨᠥᠯᠥᠭᠡᠯᠡᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠭᠠᠨᠬᠠᠳᠠ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠰᠠᠭᠤᠷᠢ᠂ ᠴᠢᠳᠠᠪᠤᠷᠢᠲᠠᠨ ᠤ | ᠳᠠᠪᠠᠭᠤᠯᠢᠭ ᠪᠦᠷ ᠲᠣᠪᠣᠶᠢᠮ᠎ᠠ ᠪᠠᠶᠢᠨ᠎ᠠ᠂ ᠡᠷᠴᠢ ᠵᠣᠷᠢᠭ ᠢᠶᠠᠨ ᠬᠥᠪᠴᠢᠯᠡᠵᠦ᠂ ᠢᠲᠡᠭᠡᠯ ᠢᠶᠠᠨ ᠴᠢᠩᠭᠠᠳᠬᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠳᠤᠮᠳᠠ | ᠰᠦᠷ ᠵᠢᠪᠬᠤᠭ᠎ᠠ ᠪᠠᠨ ᠲᠠᠭᠢᠨ ᠮᠠᠨᠳᠤᠭᠤᠯᠬᠤ ᠬᠡᠷᠡᠭᠲᠡᠢ ᠭᠡᠵᠡᠢ᠃ | | 11 ᠰᠠᠷ᠎ᠠ ᠶᠢᠨ 19 ᠤ ᠡᠳᠦᠷ᠂ ᠰᠦᠨ ᠱᠤᠤ ᠴᠧᠩ ᠤᠯᠠᠭᠠᠨᠬᠠᠳᠠ ᠬᠤᠲᠠ ᠶᠢᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠥᠪ ᠲᠤ ᠬᠦᠷᠴᠦ᠂ | ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠤᠨ ᠤᠴᠢᠷ ᠰᠢᠯᠲᠠᠭᠠᠨ ᠪᠣᠯᠣᠨ | ᠰᠢᠢᠳᠪᠦᠷᠢᠯᠡᠵᠦ ᠪᠠᠶᠢᠭ᠎ᠠ ᠠᠬᠢᠴᠠ ᠶᠢ ᠨᠠᠷᠢᠨ ᠣᠶᠢᠯᠠᠭᠠᠵᠤ᠂ ᠣᠯᠠᠨ ᠲᠠᠢ ᠬᠠᠮᠲᠤ ᠪᠠᠷ ᠰᠢᠢᠳᠪᠦᠷᠢᠯᠡᠬᠦ ᠠᠷᠭ᠎ᠠ ᠶᠢ ᠵᠥᠪᠳᠡᠯᠴᠡᠪᠡ᠃ ᠰᠤᠷᠪᠤᠯᠵᠢᠯᠠᠬᠴᠢ ᠮᠠ ᠵᠢᠶᠠᠨ | ᠪᠢᠩ ᠰᠡᠭᠦᠳᠡᠷᠯᠡᠪᠡ | ᠡᠨᠡ ᠬᠦ ᠬᠤᠭᠤᠴᠠᠭᠠᠨ ᠳᠤ ᠰᠦᠨ ᠱᠤᠤ ᠴᠧᠩ ᠪᠠᠰᠠ ᠤᠯᠠᠭᠠᠨᠬᠠᠳᠠ ᠬᠤᠲᠠ ᠶᠢᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠥᠪ ᠲᠤ ᠬᠦᠷᠴᠦ᠂ | ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠤᠨ ᠤᠴᠢᠷ ᠰᠢᠯᠲᠠᠭᠠᠨ ᠪᠣᠯᠣᠨ | ᠰᠢᠢᠳᠪᠦᠷᠢᠯᠡᠵᠦ ᠪᠠᠶᠢᠭ᠎ᠠ ᠠᠬᠢᠴᠠ ᠶᠢ ᠨᠠᠷᠢᠨ ᠣᠶᠢᠯᠠᠭᠠᠵᠤ᠂ ᠣᠯᠠᠨ ᠲᠠᠢ ᠬᠠᠮᠲᠤ ᠪᠠᠷ ᠰᠢᠢᠳᠪᠦᠷᠢᠯᠡᠬᠦ ᠠᠷᠭ᠎ᠠ ᠶᠢ ᠵᠥᠪᠳᠡᠯᠴᠡᠪᠡ᠃ ᠲᠡᠷᠡ᠂ ᠤᠯᠠᠨ ᠲᠦᠮᠡᠨ ᠤ ᠵᠦᠢ | ᠶᠣᠰᠣᠨ ᠤ ᠬᠦᠰᠡᠯ ᠱᠠᠭᠠᠷᠳᠠᠯᠭ᠎ᠠ ᠶᠢ ᠤᠯᠠᠨ ᠲᠦᠮᠡᠨ ᠤ ᠲᠠᠯ᠎ᠠ ᠠᠴᠠ ᠢᠯᠡᠭᠦᠬᠡᠨ ᠪᠣᠳᠣᠯᠬᠢᠯᠠᠵᠤ᠂ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠱᠠᠯᠠᠪᠳᠠᠨ | ᠰᠢᠢᠳᠪᠦᠷᠢᠯᠡᠬᠦ ᠬᠡᠷᠡᠭᠲᠡᠢ᠂ ᠤᠳᠠᠭᠠᠰᠢᠷᠠᠭᠤᠯᠵᠤ ᠬᠤᠶᠢᠰᠢᠯᠠᠭᠤᠯᠵᠤ ᠪᠤᠯᠬᠤ ᠦᠭᠡᠢ᠂ ᠪᠠᠭ᠎ᠠ ᠵᠥᠷᠢᠴᠡᠯ ᠬᠤᠷᠠᠮᠳᠤᠵᠤ ᠠᠶᠤᠯ ᠲᠦᠭᠰᠢᠭᠦᠷᠢ ᠶᠢᠨ ᠭᠡᠮ ᠰᠣᠭᠤᠭ ᠪᠣᠯᠵᠤ | ᠬᠤᠪᠢᠷᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠰᠢᠯᠲᠠᠭᠠᠨ ᠢ ᠨᠢ ᠭᠦᠨᠵᠡᠭᠡᠢ ᠵᠠᠳᠠᠯᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ | ᠠᠵᠢᠯ ᠢᠶᠠᠨ ᠬᠠᠨᠳᠤᠯᠭᠠᠲᠤ ᠴᠢᠨᠠᠷᠲᠠᠢ ᠪᠠᠷ ᠰᠠᠶᠢᠵᠢᠷᠠᠭᠤᠯᠵᠤ᠂ ᠡᠬᠢ ᠡᠭᠦᠰᠦᠯ ᠠᠴᠠ ᠨᠢ ᠵᠠᠬᠢᠳᠠᠯ ᠰᠤᠷᠪᠤᠯᠵᠢᠯᠠᠯ ᠭᠤᠮᠣᠳᠠᠯ ᠲᠣᠭᠠᠴᠢᠯᠲᠠ ᠶᠢ ᠪᠠᠭᠠᠰᠬᠠᠬᠤ ᠬᠡᠷᠡᠭᠲᠡᠢ᠃ | ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠳᠤ ᠡᠯ᠎ᠡ ᠲᠠᠯ᠎ᠠ ᠶᠢᠨ ᠬᠢᠨ ᠬᠠᠮᠵᠢᠯᠴᠠᠨ ᠬᠦᠴᠦᠯᠡᠬᠦ | ᠴᠢᠬᠤᠯᠠᠲᠠᠢ ᠶᠤᠮ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠢ ᠬᠡᠷᠡᠭᠵᠢᠭᠦᠯᠵᠦ᠂ ᠣᠯᠠᠨ ᠲᠦᠮᠡᠨ ᠤ ᠭᠤᠮᠣᠳᠠᠯ ᠲᠣᠭᠠᠴᠢᠯᠲᠠ ᠳᠤ | ᠬᠠᠷᠢᠭᠤ ᠥᠭᠬᠦ ᠬᠥᠮᠥᠨ ᠲᠠᠢ᠂ ᠰᠢᠢᠳᠪᠦᠷᠢᠯᠡᠬᠦ ᠬᠥᠮᠥᠨ ᠲᠠᠢ᠂ ᠦᠷ᠎ᠡ ᠳ᠋ᠦᠩ ᠳᠤ ᠣᠯᠠᠨ ᠲᠦᠮᠡᠨ ᠬᠠᠨᠤᠮᠵᠢᠲᠠᠶ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | ᠢᠦᠢ ᠯᠢ ᠰᠢᠨ ᠣᠷᠣᠯᠴᠠᠵᠠᠢ᠃ | | | |