ᠵᠢᠯ ᠪᠦᠷᠢ ᠶᠢᠨ 10 ᠰᠠᠷ᠎ᠠ ᠠᠴᠠ ᠳᠠᠷᠠᠭ᠎ᠠ ᠵᠢᠯ ᠤᠨ 3 ᠰᠠᠷ᠎ᠠ ᠪᠤᠯᠲᠠᠯᠠᠭᠢ ᠬᠤᠭᠤᠴᠠᠭ᠎ᠠ ᠪᠣᠯ ᠮᠠᠨ ᠤ ᠤᠯᠤᠰ ᠤᠨ ᠨᠣᠷᠤ᠋ ᠸᠢᠷᠦ᠋ᠰ ᠤᠨ ᠬᠠᠯᠳᠠᠪᠤᠷᠢᠯᠠᠯ | ᠣᠯᠠᠨ ᠡᠭᠦᠰᠬᠦ ᠤᠯᠠᠷᠢᠯ ᠪᠣᠯᠣᠨ᠎ᠠ᠃ ᠣᠶᠢᠷ᠎ᠠ ᠳᠤ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠡᠷᠡᠭᠦᠯ ᠮᠡᠨᠳᠦ ᠶᠢᠨ | ᠰᠠᠨᠠᠭᠤᠯᠤᠮᠵᠢ ᠨᠡᠶᠢᠲᠡᠯᠡᠵᠦ᠂ ᠭᠡᠷ ᠪᠦᠯᠢ᠂ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨ ᠨᠣᠷᠤ᠋ ᠸᠢᠷᠦ᠋ᠰ ᠤᠨ ᠬᠠᠯᠳᠠᠪᠤᠷᠢᠯᠠᠯ ᠢ | ᠤᠷᠢᠳᠴᠢᠯᠠᠨ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠢᠯᠠᠩᠭᠤᠶ᠎ᠠ ᠬᠤᠪᠢ ᠬᠥᠮᠥᠨ ᠤ ᠭᠠᠷ ᠤᠨ ᠡᠷᠡᠭᠦᠯ ᠬᠠᠮᠠᠭᠠᠯᠠᠯ ᠢ ᠴᠢᠩᠭᠠᠳᠬᠠᠨ᠂ | ᠢᠳᠡᠭᠡᠨ ᠪᠠ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠡᠳᠦᠷ ᠲᠤᠲᠤᠮ ᠤᠨ ᠠᠷᠢᠭᠤᠨ ᠴᠡᠪᠡᠷ ᠪᠠ ᠠᠷᠢᠭᠤᠳᠬᠠᠯ ᠵᠡᠷᠭᠡ ᠶᠢ ᠰᠠᠶᠢᠲᠤᠷ | ᠬᠢᠭᠡᠷᠡᠢ ᠭᠡᠵᠦ ᠰᠠᠨᠠᠭᠤᠯᠪᠠ᠃ ︽ᠨᠣᠷᠤ᠋ ᠸᠢᠷᠦ᠋ᠰ ᠪᠣᠯ ᠲᠦᠷᠭᠡᠨ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠢ ᠡᠭᠦᠰᠬᠡᠬᠦ ᠬᠠᠮᠤᠭ ᠤᠨ ᠦᠷᠭᠦᠯᠵᠢ | ᠲᠣᠬᠢᠶᠠᠯᠳᠤᠳᠠᠭ ᠡᠪᠡᠳᠴᠢᠨ ᠡᠭᠦᠰᠬᠡᠭᠴᠢ ᠶᠢᠨ ᠨᠢᠭᠡ ᠮᠥᠨ᠂ ᠨᠠᠮᠤᠷ ᠡᠪᠦᠯ ᠤᠨ ᠤᠯᠠᠷᠢᠯ ᠳᠤ ᠣᠯᠠᠨ ᠡᠭᠦᠰᠳᠡᠭ᠂ ᠣᠲᠣ ᠡᠪᠡᠳᠴᠢᠨ ᠣᠯᠠᠨ ᠡᠭᠦᠰᠬᠦ ᠤᠯᠠᠷᠢᠯ ᠳᠤ | ᠣᠷᠣᠰᠢᠵᠤ ᠪᠠᠶᠢᠨ᠎ᠠ︾᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠰᠤᠳᠤᠯᠤᠭᠴᠢ ᠫᠧᠩ ᡁᠢ ᠪᠢᠨ᠂ ᠨᠣᠷᠤ᠋ | ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠭᠤᠣᠯ ᠢᠯᠡᠷᠡᠯ ᠨᠢ ᠪᠥᠭᠡᠯᠵᠢᠬᠦ ᠪᠠ ᠰᠠᠭᠤᠯᠭᠠᠬᠤ᠂ ᠭᠡᠳᠡᠰᠦ ᠡᠪᠡᠳᠬᠦ᠂ ᠬᠠᠯᠠᠭᠤᠷᠠᠬᠤ ᠵᠡᠷᠭᠡ ᠪᠣᠯᠣᠨ᠎ᠠ᠃ ᠨᠣᠷᠤ᠋ | ᠸᠢᠷᠦ᠋ᠰ ᠠᠴᠠ ᠪᠣᠯᠤᠭᠰᠠᠨ ᠲᠦᠷᠭᠡᠨ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠪᠣᠯ ᠥᠪᠡᠷ ᠢ ᠪᠠᠨ ᠬᠢᠵᠠᠭᠠᠷᠯᠠᠬᠤ ᠴᠢᠨᠠᠷᠲᠠᠢ ᠡᠪᠡᠳᠴᠢᠨ ᠮᠥᠨ᠂ | ᠡᠪᠡᠳᠴᠢᠨ ᠤ ᠢᠯᠡᠷᠡᠯ ᠨᠢ ᠨᠡᠯᠢᠶᠡᠳ ᠬᠥᠩᠭᠡᠨ᠂ ᠣᠨᠴᠠᠭᠠᠶ ᠡᠮᠴᠢᠯᠡᠭᠡ ᠬᠡᠷᠡᠭᠰᠡᠬᠦ ᠦᠭᠡᠢ᠂ 2 ᠠᠴᠠ 3 ᠡᠳᠦᠷ ᠠᠮᠠᠷᠠᠪᠠᠯ ᠡᠷᠡᠭᠦᠯᠵᠢᠳᠡᠭ᠃ ᠭᠡᠪᠡᠴᠦ ᠨᠢᠷᠠᠢ ᠨᠢᠯᠬ᠎ᠠ | ᠬᠡᠦᠬᠡᠳ᠂ ᠨᠠᠰᠤᠲᠠᠶᠢᠴᠤᠳ᠂ ᠢᠯᠠᠩᠭᠤᠶ᠎ᠠ ᠰᠠᠭᠤᠷᠢ ᠡᠪᠡᠳᠴᠢᠨ ᠲᠠᠢ ᠨᠠᠰᠤᠲᠠᠶᠢᠴᠤᠳ᠂ ᠵᠢᠱᠢᠶᠡᠯᠡᠪᠡᠯ ᠪᠠᠶᠢᠨ ᠳᠠᠭᠢᠨ ᠪᠥᠭᠡᠯᠵᠢᠬᠦ ᠪᠤᠶᠤ ᠰᠠᠭᠤᠯᠭᠠᠬᠤ᠂ | ᠴᠢᠨᠠᠭᠰᠢᠯᠠᠪᠠᠯ ᠤᠰᠤ ᠠᠯᠳᠠᠬᠤ ᠵᠡᠷᠭᠡ ᠬᠦᠨᠳᠦ ᠨᠣᠴᠢᠲᠠᠢ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠢ ᠳᠤᠨᠢ ᠡᠮᠨᠡᠭᠦᠯᠭᠦ ᠬᠡᠷᠡᠭᠲᠡᠢ ᠭᠡᠵᠦ ᠲᠠᠨᠢᠯᠴᠠᠭᠤᠯᠪᠠ᠃ | ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠣᠯ ᠨᠣᠷᠤ᠋ ᠸᠢᠷᠦ᠋ᠰ ᠢ ᠰᠡᠷᠭᠡᠶᠢᠯᠡᠨ ᠡᠵᠡᠮᠳᠡᠬᠦ ᠪᠠ ᠠᠷᠭᠠᠴᠠᠭᠠᠬᠤ ᠴᠢᠬᠤᠯᠠ ᠲᠠᠯᠠᠪᠤᠷ ᠮᠥᠨ᠃ | ᠪᠠᠭᠰᠢ ᠰᠤᠷᠤᠬᠴᠢᠳ ᠤᠨ ᠭᠡᠳᠡᠰᠦᠨ ᠤ ᠡᠷᠡᠭᠦᠯ ᠮᠡᠨᠳᠦ ᠶᠢ ᠬᠡᠷᠬᠢᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠵᠦ᠂ ᠰᠠᠬᠢᠨ ᠬᠠᠮᠠᠭᠠᠯᠠᠬᠤ ᠪᠤᠶ︖ | ᠡᠷᠡᠭᠦᠯ ᠮᠡᠨᠳᠦ ᠶᠢᠨ ᠰᠠᠨᠠᠭᠤᠯᠤᠮᠵᠢ ᠶᠢ ᠦᠨᠳᠦᠰᠦᠯᠡᠪᠡᠯ᠂ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨ ᠡᠷᠡᠭᠦᠯ ᠮᠡᠨᠳᠦ ᠶᠢᠨ | ᠬᠥᠮᠦᠵᠢᠯ ᠪᠠ ᠤᠬᠠᠭᠤᠯᠭ᠎ᠠ ᠪᠠᠨ ᠴᠢᠩᠭᠠᠳᠬᠠᠵᠤ᠂ ᠪᠠᠭᠰᠢ ᠰᠣᠷᠣᠬᠴᠢ ᠪᠠ ᠭᠡᠷ ᠤᠨ ᠠᠬᠠᠮᠠᠳ ᠲᠤ ᠨᠣᠷᠤ᠋ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ᠂ | ᠡᠪᠡᠳᠴᠢᠨ ᠤ ᠢᠯᠡᠷᠡᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠣᠶᠢᠯᠠᠭᠠᠭᠤᠯᠬᠤ ᠭᠡᠷᠡᠭᠲᠡᠶ᠃ ᠭᠠᠷ ᠤᠨ ᠡᠷᠡᠭᠦᠯ ᠬᠠᠮᠠᠭᠠᠯᠠᠯ ᠢ ᠰᠠᠶᠢᠲᠤᠷ ᠬᠢᠵᠦ᠂ | ᠭᠠᠷ ᠤᠨ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠢ ᠪᠠᠲᠤᠯᠠᠬᠤ ᠪᠣᠯ ᠤᠷᠢᠳᠴᠢᠯᠠᠨ ᠰᠡᠷᠭᠡᠶᠢᠯᠡᠬᠦ ᠶᠢᠨ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠂ | ᠰᠤᠷᠤᠬᠴᠢᠳ ᠪᠠ ᠪᠠᠭᠰᠢ ᠠᠵᠢᠯᠲᠠᠨ ᠤ ᠬᠤᠭᠤᠯᠠ ᠢᠳᠡᠬᠦ᠂ ᠬᠥᠳᠡᠯᠭᠡᠭᠡᠨ ᠬᠢᠬᠦ ᠳᠡᠭᠡᠨ ᠭᠠᠷ ᠢᠶᠠᠨ ᠰᠠᠶᠢᠲᠤᠷ ᠤᠬᠢᠶᠠᠬᠤ ᠶᠢ ᠵᠣᠷᠢᠬᠵᠢᠭᠤᠯᠤᠨ᠎ᠠ᠃ ᠣᠷᠴᠢᠨ | ᠲᠣᠭᠤᠷᠢᠨ ᠤ ᠠᠷᠢᠭᠤᠨ ᠴᠡᠪᠡᠷ ᠪᠠ ᠠᠷᠢᠭᠤᠳᠬᠠᠯ ᠢ ᠰᠠᠶᠢᠲᠤᠷ ᠬᠢᠬᠦ ᠭᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠷᠢᠭᠤᠨ ᠴᠡᠪᠡᠷ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠳᠠᠯᠠᠨ᠎ᠠ᠃ ᠡᠪᠡᠳᠴᠢᠨ ᠤ ᠵᠢᠱᠢᠶ᠎ᠡ ᠶᠢ ᠡᠷᠲᠡ ᠢᠯᠭᠠᠨ ᠲᠠᠨᠢᠬᠤ ᠪᠠ ᠲᠤᠰᠠᠭᠠᠷᠯᠠᠬᠤ ᠶᠢ ᠰᠠᠶᠢᠲᠤᠷ ᠬᠢᠵᠦ᠂ ᠨᠢᠭᠤᠭᠳᠠᠮᠠᠯ | ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠲᠤᠬᠠᠢ ᠶᠢᠨ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠳᠤ ᠮᠡᠳᠡᠭᠦᠯᠬᠦ | ᠭᠡᠷᠡᠭᠲᠡᠶ᠃ ᠡᠪᠡᠳᠴᠢᠲᠡᠨ ᠢ ᠲᠤᠰᠠᠭᠠᠷᠯᠠᠵᠤ᠂ ᠡᠪᠡᠳᠴᠢᠲᠡᠨ ᠤ ᠪᠥᠭᠡᠯᠵᠢᠰᠦ ᠪᠣᠯᠣᠨ ᠢᠯᠭᠠᠳᠠᠰᠤ ᠶᠢ ᠵᠢᠷᠤᠮᠵᠢᠭᠤᠯᠤᠨ ᠠᠷᠢᠭᠤᠳᠬᠠᠵᠤ ᠰᠢᠢᠳᠪᠦᠷᠢᠯᠡᠬᠦ ᠬᠡᠷᠡᠭᠲᠡᠢ᠃ | | ᠡᠷᠡᠭᠦᠯ ᠮᠡᠨᠳᠦ ᠶᠢᠨ ᠰᠠᠨᠠᠭᠤᠯᠤᠮᠵᠢ ᠳᠤ ᠪᠠᠰᠠ᠂ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠨ ᠰᠤᠷᠭᠠᠭᠤᠯᠢ ᠶᠢᠨ ᠵᠠᠬᠢᠷᠤᠯ᠂ | ᠴᠡᠴᠡᠷᠯᠢᠭ ᠤᠨ ᠳᠠᠷᠤᠭ᠎ᠠ ᠪᠠᠷ ᠨᠢᠭᠡᠳᠦᠭᠡᠷ ᠬᠠᠷᠢᠭᠤᠴᠠᠯᠭᠠᠲᠠᠨ ᠪᠤᠯᠭᠠᠬᠰᠠᠨ ᠤᠳᠤᠷᠢᠳᠬᠤ ᠠᠵᠢᠯ ᠤᠨ ᠳᠤᠭᠤᠶᠢᠯᠠᠩ ᠪᠠᠶᠢᠭᠤᠯᠵᠤ᠂ ᠨᠣᠷᠤ᠋ ᠸᠢᠷᠦ᠋ᠰ ᠢ ᠰᠡᠷᠭᠡᠶᠢᠯᠡᠨ | ᠡᠵᠡᠮᠳᠡᠬᠦ ᠲᠥᠰᠥᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠵᠤ᠂ ᠨᠣᠷᠤ᠋ ᠸᠢᠷᠦ᠋ᠰ ᠤᠨ ᠬᠤᠳᠣᠭᠤᠳᠤ ᠭᠡᠳᠡᠰᠦᠨ ᠤ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠰᠠᠶᠢᠲᠤᠷ ᠬᠢᠬᠦ ᠬᠡᠷᠡᠭᠲᠡᠢ ᠭᠡᠵᠦ ᠲᠣᠳᠣᠷᠬᠠᠶᠢᠯᠠᠪᠠ᠃ | ᠫᠧᠩ ᡁᠢ ᠪᠢᠨ᠂ ᠭᠡᠷ ᠪᠦᠯᠢ ᠶᠢᠨ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠳᠤ᠄ ᠢᠳᠡᠭᠡᠨ ᠪᠣᠯᠣᠨ ᠤᠤᠭᠤᠬᠤ ᠤᠰᠤᠨ ᠤ ᠠᠮᠤᠷ ᠲᠦᠪᠰᠢᠨ ᠢ ᠠᠩᠬᠠᠷᠴᠤ᠂ | ᠢᠳᠡᠭᠡᠨ ᠤᠮᠳᠠᠭᠠᠨ ᠢ ᠡᠳ᠋ᠰᠢᠭᠦᠯᠦᠨ ᠰᠢᠢᠳᠪᠦᠷᠢᠯᠡᠬᠦ ᠳᠡᠭᠡᠨ ᠲᠦᠭᠦᠬᠡᠢ ᠪᠤᠯᠭᠤᠬᠰᠠᠨ ᠢᠳᠡᠭᠡᠨ ᠢ ᠰᠠᠯᠭᠠᠵᠤ᠂ ᠲᠦᠢᠯᠪᠤᠷᠢᠲᠠᠢ ᠤᠬᠢᠶᠠᠨ ᠴᠡᠪᠡᠷᠯᠡᠵᠦ᠂ ᠪᠦᠷᠢᠮᠦᠰᠦᠨ | ᠴᠢᠨᠠᠵᠤ᠂ ᠲᠦᠭᠦᠬᠡᠢ ᠤᠰᠤ ᠤᠤᠭᠤᠵᠤ ᠪᠤᠯᠬᠤ ᠦᠭᠡᠢ᠃ ᠡᠪᠡᠳᠴᠢᠲᠡᠨ ᠡᠪᠡᠳᠴᠢᠨ ᠤ ᠢᠯᠡᠷᠡᠯ ᠲᠠᠢ ᠬᠤᠭᠤᠴᠠᠭᠠᠨ ᠳᠤ ᠪᠠ ᠡᠪᠡᠳᠴᠢᠨ ᠤ ᠢᠯᠡᠷᠡᠯ ᠨᠢ | ᠠᠷᠢᠯᠤᠭᠰᠠᠨ ᠤ ᠳᠠᠷᠠᠭᠠᠬᠢ 2 - 3 ᠡᠳᠦᠷ ᠤᠨ ᠳᠣᠲᠣᠷ᠎ᠠ᠂ ᠬᠠᠯᠳᠠᠪᠤᠷᠢᠯᠠᠬᠤ ᠴᠢᠨᠠᠷᠲᠠᠢ ᠤᠴᠢᠷ ᠠᠴᠠ ᠪᠤᠰᠤᠳ ᠲᠠᠢ ᠣᠶᠢᠷᠠᠳᠬᠤ ᠠᠴᠠ ᠵᠠᠶᠢᠯᠠᠰᠬᠢᠵᠦ᠂ | ᠪᠤᠰᠤᠳ ᠲᠤ ᠢᠳᠡᠭᠡᠨ ᠪᠡᠯᠡᠳᠬᠡᠬᠦ ᠠᠴᠠ ᠵᠠᠶᠢᠯᠠᠰᠬᠢᠵᠦ᠂ ᠬᠠᠷᠠᠵᠤ ᠬᠠᠷᠠᠭᠠᠯᠵᠠᠬᠤ ᠪᠤᠶᠤ ᠡᠮᠴᠢᠯᠡᠬᠦ ᠠᠵᠢᠯ ᠬᠢᠬᠦ ᠠᠴᠠ ᠵᠠᠶᠢᠯᠠᠰᠬᠢᠬᠤ ᠬᠡᠷᠡᠭᠲᠡᠢ ᠵᠡᠷᠭᠡ ᠪᠠᠭᠲᠠᠨ᠎ᠠ᠃ | |