ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠲᠣᠬᠢᠷᠠᠮᠵᠢᠲᠠᠢ ᠤᠯᠠᠷᠢᠯ ᠮᠥᠨ᠂ ᠨᠠᠮᠤᠷ ᠤᠨ ᠤᠯᠠᠷᠢᠯ ᠳᠤ | ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠨᠢ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ ᠤ ᠬᠦᠢᠲᠡᠨ ᠢ ᠡᠰᠡᠷᠭᠦᠴᠡᠬᠦ | ᠰᠡᠳᠡᠯᠲᠡ ᠥᠭᠬᠦ ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠃ ᠨᠠᠮᠤᠷ ᠤᠨ ᠤᠯᠠᠷᠢᠯ ᠳᠤ ᠥᠷᠯᠥᠭᠡ ᠦᠳᠡᠰᠢ ᠶᠢᠨ ᠳᠤᠯᠠᠭᠠᠨ ᠤ ᠵᠥᠷᠢᠶ᠎ᠡ ᠶᠡᠭᠡ ᠪᠤᠯᠪᠠᠴᠦ | ᠡᠳᠦᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠢ ᠦᠶ᠎ᠡ ᠳᠤ ᠬᠥᠳᠡᠯᠭᠡᠭᠡᠨ ᠬᠢᠬᠦ ᠨᠢ ᠬᠠᠮᠤᠭ ᠤᠨ ᠲᠠᠭᠠᠯᠠᠮᠵᠢᠲᠠᠢ ᠪᠠᠶᠢᠳᠠᠭ᠃ | ᠨᠠᠮᠤᠷ ᠤᠨ ᠤᠯᠠᠷᠢᠯ ᠳᠤ ᠪᠡᠶ᠎ᠡ ᠴᠢᠭᠢᠷᠠᠭᠵᠢᠭᠤᠯᠬᠤ ᠨᠢ ᠴᠢᠰᠤᠨ ᠰᠤᠳᠠᠯ ᠢ ᠵᠥᠭᠡᠯᠡᠷᠡᠭᠦᠯᠵᠦ᠂ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ | ᠠᠬᠢᠭᠤᠯᠤᠨ᠂ ᠰᠡᠳᠬᠢᠯ ᠰᠠᠨᠠᠭ᠎ᠠ ᠶᠢ ᠪᠠᠶᠠᠰᠬᠠᠵᠤ᠂ ᠲᠠᠭᠰᠢᠭᠤᠷ ᠬᠢᠮᠤᠷᠠᠭ᠎ᠠ ᠶᠢ ᠰᠡᠷᠭᠡᠶᠢᠯᠡᠵᠦ ᠴᠢᠳᠠᠳᠠᠭ᠃ | ᠲᠡᠭᠡᠪᠡᠯ ᠨᠠᠮᠤᠷ ᠤᠨ ᠤᠯᠠᠷᠢᠯ ᠳᠤ ᠶᠠᠮᠠᠷ ᠬᠥᠳᠡᠯᠭᠡᠭᠡᠨ ᠢ ᠰᠣᠩᠭᠤᠪᠠᠯ ᠲᠣᠬᠢᠷᠠᠮᠵᠢᠲᠠᠢ ᠪᠢᠯᠡ︖ ᠡᠭᠦᠨ ᠳᠤ ᠤᠯᠠᠨ ᠵᠦᠢᠯ ᠤᠨ ᠰᠣᠩᠭᠤᠯᠲᠠ ᠪᠤᠢ᠃ | ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ ᠤᠨ ᠦᠨᠳᠦᠰᠦᠨ ᠬᠦᠴᠢᠯᠲᠥ᠋ᠷᠥᠭᠴᠢᠲᠦ ᠬᠥᠳᠡᠯᠭᠡᠭᠡᠨ ᠤ ᠨᠢᠭᠡ ᠪᠣᠯᠤᠭᠰᠠᠨ ᠤ ᠬᠤᠪᠢ ᠳᠤ ᠵᠢᠷᠦᠬᠡ ᠠᠭᠤᠰᠬᠢᠨ ᠤ | ᠠᠵᠢᠯᠯᠠᠭ᠎ᠠ ᠶᠢ ᠢᠯᠡᠳᠲᠡ ᠰᠠᠶᠢᠵᠢᠷᠠᠭᠤᠯᠵᠤ᠂ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠮᠠᠷᠢᠶ᠎ᠠ ᠶᠢ | ᠰᠢᠭᠤᠷᠠᠭᠤᠯᠬᠤ ᠳᠤ ᠲᠤᠰᠠᠲᠠᠢ ᠪᠠᠶᠢᠳᠠᠭ᠃ | ᠠᠯᠬᠤᠬᠤ ᠪᠣᠯ ᠨᠢᠭᠡ ᠵᠦᠢᠯ ᠤᠨ ᠳᠥᠭᠦᠮ ᠪᠥᠭᠡᠳ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠥᠭᠡᠬᠦ ᠶᠢ ᠪᠠᠭᠤᠷᠠᠭᠤᠯᠤᠨ᠂ ᠵᠢᠷᠦᠬᠡ | ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠭᠦ ᠶᠢᠨ ᠬᠠᠮᠲᠤ ᠪᠠᠰᠠ ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ ᠤ ᠥᠭᠡᠬᠦ ᠶᠢ ᠬᠢᠵᠠᠭᠠᠷᠯᠠᠵᠤ᠂ | ᠰᠡᠳᠬᠢᠴᠡ ᠶᠢᠨ ᠳᠠᠷᠤᠯᠲᠠ ᠶᠢ ᠭᠦᠩᠭᠡᠷᠡᠭᠦᠯᠦᠨ᠎ᠡ᠃ ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ ᠨᠠᠭᠠᠳᠬᠤ ᠨᠢ ᠵᠢᠷᠦᠬᠡ ᠠᠭᠤᠰᠬᠢᠨ ᠤ | ᠠᠵᠢᠯᠯᠠᠭ᠎ᠠ᠂ ᠪᠤᠯᠴᠢᠩ ᠤᠨ ᠬᠦᠴᠦ᠂ ᠲᠡᠩᠴᠡᠭᠦᠷᠢ ᠶᠢᠨ ᠴᠢᠳᠠᠪᠤᠷᠢ ᠪᠠ ᠲᠤᠰᠬᠠᠯ ᠤᠨ ᠴᠢᠳᠠᠪᠤᠷᠢ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ | ᠰᠠᠶᠢᠵᠢᠷᠠᠭᠤᠯᠤᠨ᠎ᠠ᠃ ᠪᠠᠰᠠ ᠳᠤᠭᠤᠢ ᠤᠨᠤᠬᠤ᠂ ᠦᠳᠦᠨ ᠪᠥᠮᠪᠦᠭᠡ ᠨᠠᠭᠠᠳᠬᠤ᠂ ᠠᠭᠤᠯᠠ ᠠᠪᠠᠷᠢᠬᠤ᠂ ᠶᠤᠭ᠎ᠠ ᠵᠡᠷᠭᠡ ᠁ ᠪᠢᠳᠡ ᠨᠠᠰᠤᠨ ᠤ ᠪᠠᠶᠢᠳᠠᠯ ᠪᠠ | ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ ᠵᠣᠬᠢᠰᠲᠠᠢ ᠬᠥᠳᠡᠯᠭᠡᠭᠡᠨ ᠢ ᠰᠣᠩᠭᠤᠵᠤ ᠪᠡᠶ᠎ᠡ ᠪᠠᠨ ᠪᠤᠯᠪᠠᠰᠤᠷᠠᠭᠤᠯᠵᠤ ᠪᠣᠯᠣᠨ᠎ᠠ᠃ | ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ | ᠭᠤᠣᠯᠯᠠᠭᠤᠯᠵᠤ᠂ ᠳᠤᠮᠳᠠ ᠨᠠᠰᠤᠨ ᠤ ᠬᠥᠮᠥᠰ ᠲᠦᠷᠭᠡᠨ ᠠᠯᠬᠤᠬᠤ᠂ ᠤᠳᠠᠭᠠᠨ ᠭᠦᠶᠦᠬᠦ᠂ ᠠᠰᠠᠷ ᠤᠨ ᠱᠠᠲᠤ ᠪᠠᠷ ᠮᠠᠴᠤᠬᠤ ᠵᠡᠷᠭᠡ ᠳᠣᠣᠷ᠎ᠠ | ᠬᠦᠴᠢᠯᠲᠥ᠋ᠷᠥᠭᠴᠢᠲᠦ ᠬᠥᠳᠡᠯᠭᠡᠭᠡᠨ ᠢ ᠰᠣᠩᠭᠤᠵᠤ ᠪᠤᠯᠣᠨ᠎ᠠ᠃ ᠨᠠᠰᠤᠲᠠᠶᠢᠴᠤᠳ ᠰᠤᠯᠠ ᠠᠯᠬᠤᠬᠤ᠂ ᠶᠤᠭ᠎ᠠ᠂ ᠨᠡᠷᠡᠬᠦᠢ ᠨᠢᠳᠤᠷᠭ᠎ᠠ ᠵᠡᠷᠭᠡ ᠶᠢ ᠰᠣᠩᠭᠤᠵᠤ ᠪᠣᠯᠣᠨ᠎ᠠ᠃ | ᠨᠠᠮᠤᠷ ᠤᠨ ᠤᠯᠠᠷᠢᠯ ᠳᠤ ᠬᠥᠮᠥᠨ ᠤ ᠮᠡᠳᠡᠷᠡᠯ ᠤᠨ ᠰᠢᠰᠲ᠋ᠧᠮ ᠤᠨ ᠬᠥᠭᠡᠷᠦᠯᠲᠡ ᠶᠢᠨ ᠴᠢᠨᠠᠷ ᠨᠡᠮᠡᠭᠳᠡᠵᠦ᠂ ᠹᠢᠽᠢᠣᠯᠣᠭᠢ ᠶᠢᠨ ᠠᠵᠢᠯᠯᠠᠭ᠎ᠠ ᠬᠥᠭᠵᠢᠶᠡᠨ ᠲᠠᠢ ᠪᠤᠯᠬᠤ | ᠬᠠᠨᠳᠤᠰᠢ ᠲᠠᠢ ᠪᠣᠯᠣᠨ᠎ᠠ᠃ ᠡᠨᠡ ᠤᠯᠠᠷᠢᠯ ᠳᠤ ᠬᠥᠮᠥᠰ ᠠᠮᠠᠷᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠲᠦᠷᠬᠡᠢ ᠬᠢᠬᠦ ᠠᠴᠠ ᠪᠣᠯᠵᠤ ᠶᠠᠳᠠᠷᠠᠨ᠂ ᠠᠵᠢᠯ ᠪᠣᠯᠣᠨ | ᠡᠷᠡᠭᠦᠯ ᠮᠡᠨᠳᠦ ᠪᠠᠨ ᠨᠥᠯᠥᠭᠡᠯᠡᠵᠦ ᠮᠡᠳᠡᠨ᠎ᠡ᠃ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠬᠥᠳᠡᠯᠭᠡᠭᠡᠨ ᠤ ᠴᠠᠭ ᠪᠠ ᠬᠥᠳᠡᠯᠭᠡᠭᠡᠨ ᠤ ᠡᠷᠴᠢᠮ ᠢᠶᠠᠨ | ᠰᠠᠶᠢᠲᠤᠷ ᠲᠣᠬᠢᠷᠠᠭᠤᠯᠬᠤ ᠬᠡᠷᠡᠭᠲᠡᠢ᠃ ᠶᠡᠷᠦ ᠶᠢᠨ ᠪᠠᠶᠢᠳᠠᠯ ᠳᠤ᠂ ᠢᠳᠡᠷ ᠨᠠᠰᠤᠲᠠᠶᠢᠴᠤᠳ ᠤᠳᠠᠭ᠎ᠠ ᠪᠦᠷᠢ 1.5 ᠴᠠᠭ ᠠᠴᠠ ᠢᠯᠡᠭᠦᠦ ᠬᠥᠳᠡᠯᠭᠡᠭᠡᠨ ᠬᠢᠵᠦ ᠪᠤᠯᠬᠤ | ᠦᠭᠡᠢ᠃ ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠷᠠᠭ᠎ᠠ ᠤᠰᠤ ᠨᠥᠬᠦᠪᠦᠷᠢᠯᠡᠬᠦ ᠶᠢ | ᠠᠩᠬᠠᠷᠬᠤ ᠬᠡᠷᠡᠭᠲᠡᠢ᠃ ᠲᠠᠮᠢᠷ ᠤᠨ ᠬᠥᠳᠡᠯᠭᠡᠭᠡᠨ ᠬᠢᠭᠰᠡᠨ ᠤ ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠢ᠂ ᠨᠢᠰᠢᠩᠭᠦ᠂ ᠠᠯᠢᠮ᠎ᠠ᠂ ᠠᠯᠮᠤᠷᠠᠳ᠂ | ᠰᠦ᠂ ᠮᠠᠭᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ ᠢᠯᠡᠭᠦᠬᠡᠨ ᠢᠳᠡᠵᠦ᠂ ᠠᠮᠢᠰᠬᠤᠯ ᠤᠨ ᠵᠠᠮ ᠤᠨ ᠰᠠᠯᠢᠰᠤᠲᠤ ᠪᠦᠷᠬᠦᠪᠴᠢ ᠶᠢᠨ ᠬᠡᠪ ᠤᠨ | ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠵᠦ ᠡᠪᠡᠳᠬᠦ ᠶᠢ ᠰᠡᠷᠭᠡᠶᠢᠯᠡᠨ᠎ᠡ᠃ ᠭᠡᠳᠦ ᠬᠥᠯᠥᠰᠦ ᠭᠠᠷᠤᠭᠰᠠᠨ ᠪᠣᠯ ᠪᠤᠴᠠᠯᠤᠭᠰᠠᠨ ᠤᠰᠤᠨ ᠳᠤ ᠪᠠᠨ ᠪᠠᠭ᠎ᠠ | ᠬᠡᠮᠵᠢᠶᠡᠨ ᠤ ᠳᠠᠪᠤᠰᠤ ᠨᠡᠮᠡᠵᠦ ᠤᠤᠭᠤᠵᠤ ᠪᠣᠯᠣᠨ᠎ᠠ᠃ ᠤᠰᠤ ᠤᠤᠭᠤᠬᠤ ᠳᠤ ᠪᠠᠨ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠳᠠᠭᠠᠨ ᠤᠤᠭᠤᠬᠤ ᠶᠢ ᠪᠠᠷᠢᠮᠲᠠᠯᠠᠨ᠎ᠠ᠃ | | ᠪᠡᠶ᠎ᠡ ᠶᠢᠨ ᠲᠠᠮᠢᠷ ᠤᠨ ᠬᠥᠳᠡᠯᠭᠡᠭᠡᠨ ᠨᠢᠭᠡᠨᠲᠡ ᠠᠷᠠᠳ ᠢᠷᠭᠡᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠭᠦ ᠬᠠᠮᠤᠭ ᠤᠨ ᠢᠳᠡᠪᠬᠢᠲᠡᠢ᠂ ᠬᠠᠮᠤᠭ ᠤᠨ ᠪᠦᠲᠦᠮᠵᠢᠲᠠᠢ ᠠᠷᠭ᠎ᠠ ᠭᠡᠯᠪᠡᠷᠢ ᠪᠣᠯᠤᠭᠰᠠᠨ ᠪᠠᠶᠢᠨ᠎ᠠ᠃ ᠤᠯᠤᠰ ᠣᠷᠣᠨ ᠤ ᠬᠥᠭᠵᠢᠯᠲᠡ ᠶᠢᠨ ᠦᠷ᠎ᠡ | ᠪᠦᠲᠦᠭᠡᠯ ᠢ ᠤᠯᠠᠨ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠳᠠᠭᠠᠯᠳᠤᠨ᠂ ᠪᠦᠭᠦ ᠠᠷᠠᠳ ᠤᠨ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ | ᠣᠷᠤᠯᠴᠠᠬᠤ ᠣᠷᠴᠢᠨ ᠨᠥᠬᠦᠴᠡᠯ ᠤᠯᠠᠮ ᠢᠶᠠᠷ ᠰᠠᠶᠢᠵᠢᠷᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠠᠶᠢᠴᠢᠯᠠᠨ ᠡᠷᠡᠭᠦᠯ ᠡᠩᠬᠡ ᠲᠤᠮᠳᠠᠳᠤ | ᠤᠯᠤᠰ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ | |