ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠪᠠᠩᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ ᠸᠠᠩ ᠯᠢ ᠰᠢᠶᠠ ᠭᠧ ᠬᠠᠢ ᠵᠢᠶᠣᠣ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2024/11/4
        8 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠪᠠᠩᠬᠢ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠪᠠᠩᠬᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠧ ᠬᠠᠢ ᠵᠢᠶᠣᠣ ᠨᠠᠷ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃
110408.1.jpg
110408.2.jpg       
        ᠸᠠᠩ ᠯᠢ ᠰᠢᠶᠠ ᠭᠧ ᠬᠠᠢ ᠵᠢᠶᠣᠣ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠪᠦᠭᠦ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠤᠢ᠃ ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠪᠦᠭᠦ ᠣᠷᠣᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠂ ᠡᠳᠡᠭᠡᠷ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠡᠯ᠎ᠡ ᠲᠠᠯ᠎ᠠ ᠶᠢᠨ ᠬᠢᠨ ᠢᠯᠠᠩᠭᠤᠶ᠎ᠠ ᠮᠥᠩᠭᠦᠨ ᠭᠦᠢᠯᠭᠡᠭᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠪᠠᠩᠬᠢ ᠶᠢᠨ ᠬᠢᠨ ᠵᠥᠪᠯᠡᠯᠴᠡᠭᠡᠷ ᠲᠣᠬᠢᠷᠠᠯᠴᠠᠬᠤ ᠪᠠᠷ ᠰᠢᠨ᠎ᠡ ᠭᠠᠷᠤᠭ᠎ᠠ ᠪᠠᠨ ᠪᠤᠯᠭᠠᠵᠤ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠨᠡᠩ ᠤᠯᠠᠨ ᠬᠠᠮᠲᠤᠷᠠᠯᠴᠠᠭᠠᠨ ᠤ ᠴᠡᠭ᠂ ᠭᠠᠷᠳᠠᠬᠤ ᠴᠡᠭ ᠢ ᠡᠷᠢᠯᠬᠢᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ᠃ ᠪᠢᠳᠡ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠡᠵᠡᠩᠨᠡᠯᠲᠡ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠵᠥᠪᠯᠡᠨ ᠲᠣᠭᠲᠠᠭᠰᠠᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠤᠨ᠎ᠠ ᠭᠡᠪᠡ᠃
110408.3.jpg       
        ᠭᠧ ᠬᠠᠢ ᠵᠢᠶᠣᠣ᠂ ᠥᠪᠥᠷ ᠮᠣᠩᠭᠤᠯ ᠤᠨ ᠬᠥᠭᠵᠢᠯᠲᠡ ᠶᠢᠨ ᠬᠠᠨᠳᠤᠰᠢ ᠰᠠᠶᠢᠨ᠂ ᠠᠵᠤ ᠦᠢᠯᠡᠰ ᠤᠨ ᠰᠠᠭᠤᠷᠢ ᠵᠤᠵᠠᠭᠠᠨ ᠪᠠᠶᠢᠵᠤ᠂ ᠪᠡᠯᠡ ᠣᠷᠣᠭᠤᠯᠵᠤ ᠦᠢᠯᠡᠰ ᠮᠠᠨᠳᠤᠭᠤᠯᠬᠤ ᠬᠠᠯᠠᠭᠤᠨ ᠬᠥᠷᠥᠰᠥ ᠮᠥᠨ᠂ ᠮᠥᠩᠭᠦᠨ ᠭᠦᠢᠯᠭᠡᠭᠡᠨ ᠤ ᠠᠵᠢᠯ ᠲᠦᠷᠦᠯ ᠳᠤ ᠯᠤᠲᠤ ᠶᠡᠭᠡ ᠲᠠᠲᠠᠬᠤ ᠬᠦᠴᠦᠨ ᠲᠠᠢ ᠶᠤᠮ᠃ ᠪᠢᠳᠡ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠳᠠᠪᠠᠭᠤᠯᠢᠭ ᠢ ᠥᠪᠥᠷ ᠮᠣᠩᠭᠤᠯ ᠤᠨ ᠬᠡᠷᠡᠭᠴᠡᠭᠡ ᠲᠠᠢ ᠤᠶᠠᠯᠳᠤᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠬᠢᠷᠳᠤᠯ ᠦᠭᠡᠢ᠂ ᠲᠦᠭᠡᠮᠡᠯ ᠬᠠᠷᠠᠭᠠᠯᠵᠠᠯ ᠲᠠᠢ᠂ ᠨᠠᠰᠤᠵᠢᠯ ᠤᠨ ᠠᠰᠠᠷᠠᠮᠵᠢ᠂ ᠳ᠋ᠢᠵᠢᠲ᠋ᠠᠯ ᠮᠥᠩᠭᠦᠨ ᠭᠦᠢᠯᠭᠡᠭᠡ ᠵᠡᠷᠭᠡ ᠲᠠᠪᠤᠨ ᠶᠡᠭᠡ ᠠᠵᠢᠯ ᠢ ᠬᠠᠪᠰᠤᠷᠤᠨ ᠰᠠᠶᠢᠲᠤᠷ ᠬᠢᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ ᠭᠡᠵᠦ ᠢᠯᠡᠳᠬᠡᠪᠡ᠃         ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ