ᠪᠦᠬᠦ ᠣᠷᠣᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢᠶᠠᠷ ᠡᠯᠡᠰᠦᠷᠬᠡᠭᠵᠢᠭᠰᠡᠨ ᠭᠠᠵᠠᠷ ᠢ ᠵᠠᠰᠠᠬᠤ ᠡᠭᠦᠷᠭᠡ ᠪᠠᠨ 237.58 ᠲᠦᠮᠡᠨ ᠮᠦ ᠪᠡᠶᠡᠯᠡᠭᠦᠯᠵᠡᠢ
ᠨᠡᠶᠢᠲᠡᠯᠡᠭᠰᠡᠨ ᠴᠠᠭ᠄
2024/11/4
        ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠤ ᠡᠬᠢ ᠠᠴᠠ ᠣᠲᠣ ᠪᠣᠯᠲᠠᠯ᠎ᠠ᠂ ᠪᠥᠬᠦ ᠣᠷᠣᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢᠶᠠᠷ ᠡᠯᠡᠰᠦᠷᠬᠡᠭᠵᠢᠭᠰᠡᠨ ᠭᠠᠵᠠᠷ ᠢ ᠵᠠᠰᠠᠬᠤ ᠡᠭᠦᠷᠭᠡ ᠪᠠᠨ 237.58 ᠲᠦᠮᠡᠨ ᠮᠦ ᠪᠡᠶᠡᠯᠡᠭᠦᠯᠵᠦ᠂ ᠡᠨᠡ ᠨᠢ ᠪᠥᠬᠦ ᠵᠢᠯ ᠤᠨ ᠲᠥᠯᠥᠪᠯᠡᠭᠡ ᠶᠢᠨ 103.3% ᠪᠣᠯᠪᠠ᠃        2023 ᠣᠨ ᠳᠤ᠂ ᠥᠪᠥᠷ ᠮᠣᠩᠭᠤᠯ ᠰᠠᠯᠬᠢ ᠭᠡᠷᠡᠯ ᠤᠨ ᠡᠬᠢ ᠪᠠᠶᠠᠯᠢᠭ ᠪᠠ ︽ᠡᠯᠡᠰᠦ ᠭᠤᠪᠢ ᠴᠥᠯ︾ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠠᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠯᠤᠭ᠎ᠠ ᠣᠷᠭᠠᠨᠢᠭ ᠢᠶᠠᠷ ᠠᠭᠤᠰᠤᠯᠴᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠬᠡᠷᠡᠭᠵᠢᠭᠦᠯᠬᠦ ᠶᠢ ᠰᠢᠨ᠎ᠡ ᠡᠭᠦᠳᠦᠯᠲᠡ ᠶᠢᠨ ᠴᠢᠨᠠᠷᠲᠠᠢ ᠪᠠᠷ ᠳᠤᠷᠠᠳᠤᠨ ᠭᠠᠷᠭᠠᠭᠰᠠᠨ ᠤ ᠬᠠᠮᠲᠤ᠂ ᠨᠢᠭᠡ ᠴᠣᠭᠴᠠᠵᠢᠭᠤᠯᠬᠤ ᠢᠨᠵᠧᠨᠧᠷᠢᠩ ᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠢᠷᠭᠤᠭᠠᠨ ᠢᠨᠵᠧᠨᠧᠷᠢᠩ ᠤᠨ ᠨᠢᠭᠡ ᠪᠣᠯᠭᠠᠪᠠ᠃ 2024 ᠣᠨ ᠳᠤ᠂ ᠥᠪᠥᠷ ᠮᠣᠩᠭᠤᠯ 1 ᠳ᠋ᠦ᠋ᠭᠡᠷ᠂ 2 ᠳ᠋ᠤᠭᠠᠷ ᠤᠢ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠵᠠᠯᠭᠠᠭ᠎ᠠ ᠪᠠᠷ ᠨᠡᠶᠢᠲᠡᠯᠡᠵᠦ᠂ ︽ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠵᠤ᠂ ᠨᠢᠭᠡ ᠴᠣᠭᠴᠠᠵᠢᠭᠤᠯᠬᠤ ᠢᠨᠵᠧᠨᠧᠷᠢᠩ ᠳᠤ ᠨᠢᠭᠡᠳᠦᠯᠲᠡᠢ ᠪᠠᠶᠢᠷᠢᠯᠠᠭᠤᠯᠤᠯᠲᠠ ᠬᠢᠵᠦ᠂ 2030 ᠣᠨ ᠪᠣᠯᠬᠤ ᠳᠤ ᠪᠦᠬᠦ ᠣᠷᠣᠨ ᠤ ᠨᠢᠭᠡ ᠴᠣᠭᠴᠠᠵᠢᠭᠤᠯᠬᠤ ᠢᠨᠵᠧᠨᠧᠷᠢᠩ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.19 ᠳ᠋ᠦᠩᠰᠢᠭᠤᠷ ᠺᠢᠯᠣᠸᠠᠲ ᠲᠤ ᠬᠦᠷᠭᠡᠵᠦ᠂ 1151 ᠲᠦᠮᠡᠨ ᠮᠦ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ ᠪᠠᠷ ᠲᠥᠯᠥᠪᠵᠢᠭᠦᠯᠪᠡ᠃ ᠡᠭᠦᠨ ᠳᠤ᠂ 2024 ᠣᠨ ᠳᠠᠬᠢ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠲᠤ ᠬᠦᠷᠭᠡᠵᠦ᠂ 230 ᠲᠦᠮᠡᠨ ᠮᠦ ᠡᠯᠡᠰᠦᠷᠬᠡᠭᠵᠢᠭᠰᠡᠨ ᠭᠠᠵᠠᠷ ᠤᠨ ᠵᠠᠰᠠᠯᠲᠠ ᠶᠢ ᠢᠵᠢ ᠪᠦᠷᠢᠳᠦᠭᠦᠯᠦᠨ ᠪᠡᠶᠡᠯᠡᠭᠦᠯᠬᠦ ᠪᠠᠷ ᠲᠣᠳᠣᠷᠬᠠᠢ ᠲᠣᠭᠲᠠᠭᠠᠪᠠ᠃        ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠨᠢᠭᠡᠨᠲᠡ ᠲᠦᠷᠦᠭᠦᠯᠡᠬᠦ ᠰᠢᠨ᠎ᠡ ᠡᠨᠧᠷᠭᠢ ᠶᠢᠨ 13 ᠠᠵᠤ ᠠᠬᠤᠶᠢᠯᠠᠯ ᠢ ᠰᠢᠯᠢᠳᠡᠭ ᠢᠶᠠᠷ ᠦᠵᠡᠨ ᠰᠣᠩᠭᠤᠵᠤ᠂ ᠣᠶᠢᠷ᠎ᠠ ᠬᠠᠪᠢ ᠶᠢᠨ ᠲᠤᠬᠠᠢ ᠶᠢᠨ ᠭᠠᠵᠠᠷ ᠲᠤ ᠨᠢ ᠲᠣᠨᠤᠭ ᠲᠥᠬᠦᠭᠡᠷᠦᠮᠵᠢ ᠦᠢᠯᠡᠳᠬᠦ 35 ᠠᠵᠤ ᠠᠬᠤᠶᠢᠯᠠᠯ ᠵᠢᠴᠢ ᠠᠮᠢ ᠠᠬᠤᠢ ᠶᠢᠨ ᠵᠠᠰᠠᠯᠲᠠ ᠶᠢᠨ 12 ᠠᠵᠤ ᠠᠬᠤᠶᠢᠯᠠᠯ ᠯᠤᠭ᠎ᠠ ᠬᠤᠯᠪᠤᠭᠠᠯᠠᠨ ᠬᠤᠯᠪᠣᠭᠠᠲᠤ ᠴᠣᠭᠴᠠ ᠪᠠᠶᠢᠭᠤᠯᠵᠤ᠂ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠠᠭᠠᠭᠠᠨ ᠠᠪᠴᠤ᠂ ᠤᠯᠤᠰ ᠤᠨ ᠦᠮᠴᠢᠯᠡᠯᠲᠦ ᠣᠶ ᠰᠢᠭᠤᠢ ᠶᠢᠨ ᠲᠠᠯᠠᠪᠠᠶ᠂ ᠲᠤᠰᠬᠠᠢ ᠬᠤᠷᠰᠢᠶ᠎ᠠ ᠵᠡᠷᠭᠡ ᠶᠢᠨ ᠢᠳᠡᠪᠬᠢᠲᠡᠢ ᠣᠷᠣᠯᠴᠠᠬᠤ ᠶᠢ ᠥᠷᠭᠡᠨ ᠢᠶᠠᠷ ᠲᠠᠲᠠᠨ ᠠᠪᠴᠢᠷᠠᠵᠤ᠂ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠥᠷᠨᠢᠯᠲᠡ ᠶᠢ ᠪᠣᠶ ᠪᠣᠯᠭᠠᠪᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠥᠪᠥᠷ ᠮᠣᠩᠭᠤᠯ ᠮᠠᠯᠴᠢᠨ ᠲᠠᠷᠢᠶᠠᠴᠢᠳ ᠤᠨ ᠣᠷᠣᠯᠴᠠᠬᠤ ᠲᠣᠭᠲᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠵᠢᠴᠢ ᠬᠥᠳᠡᠭᠡ ᠲᠤᠰᠬᠤᠨ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠡᠯᠡ ᠮᠥᠩᠭᠦ᠂ ᠭᠠᠵᠠᠷ ᠰᠢᠷᠣᠢ ᠵᠡᠷᠭᠡ ᠶᠢ ᠬᠤᠪᠢ ᠣᠷᠣᠬᠤ ᠬᠡᠯᠪᠡᠷᠢ ᠪᠠᠷ ᠨᠢᠭᠡ ᠴᠣᠭᠴᠠᠵᠢᠭᠤᠯᠬᠤ ᠲᠥᠷᠥᠯ ᠵᠦᠢᠯ ᠳᠤ ᠣᠷᠣᠯᠴᠠᠬᠤ ᠶᠢ ᠨᠢ ᠳᠡᠮᠵᠢᠵᠦ᠂ ᠡᠯ᠎ᠡ ᠭᠠᠵᠠᠷ ᠢ ᠬᠥᠲᠥᠯᠥᠨ ᠵᠢᠯᠤᠭᠤᠳᠴᠤ ᠪᠠᠶᠢᠭᠠᠳ ︽ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ︾ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠬᠡᠪ ᠵᠠᠭᠪᠤᠷ ᠢ ᠰᠦᠪᠡᠭᠴᠢᠯᠡᠨ ᠥᠷᠨᠢᠭᠦᠯᠵᠦ ᠡᠯᠡᠰᠦᠷᠬᠡᠭᠵᠢᠭᠰᠡᠨ ᠭᠠᠵᠠᠷ ᠢ ᠵᠠᠰᠠᠬᠤ ᠪᠠ ᠰᠡᠭᠦᠯᠴᠢ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠳᠤ ᠣᠷᠣᠯᠴᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠪᠡ᠃        ᠨᠢᠭᠡ ᠴᠣᠭᠴᠠᠵᠢᠭᠤᠯᠬᠤ ᠢᠨᠵᠧᠨᠧᠷᠢᠩ ᠨᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠵᠤ᠂ ᠠᠮᠢ ᠠᠬᠤᠢ ᠶᠢᠨ ᠵᠠᠰᠠᠯᠲᠠ ᠶᠢ ᠠᠬᠢᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠪᠣᠬᠢᠷᠳᠤᠯ ᠦᠭᠡᠢ ᠴᠠᠬᠢᠯᠭᠠᠨ ᠢ ᠢᠯᠡᠭᠦᠦ ᠭᠠᠷᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠬᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠪᠠᠨ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠡᠶᠡᠯᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠠᠰᠠ ᠨᠢᠭᠡᠨ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ