ᠴᠢᠷᠮᠠᠶᠢᠯᠭ᠎ᠠ ᠪᠣᠯ ᠬᠠᠮᠤᠭ ᠤᠨ ᠪᠠᠲᠤᠯᠠᠭ᠎ᠠ ᠲᠠᠢ ᠵᠠᠮ
ᠨᠡᠶᠢᠲᠡᠯᠡᠭᠰᠡᠨ ᠴᠠᠭ᠄
2024/11/4
        10 ᠰᠠᠷ᠎ᠠ ᠶᠢᠨ 9 ᠤ ᠡᠳᠦᠷ ᠠᠴᠠ ᠡᠬᠢᠯᠡᠨ 2025 ᠣᠨ ᠤ ᠪᠦᠭᠦ ᠤᠯᠤᠰ ᠤᠨ ᠠᠰᠫᠢᠷᠠᠨᠲ ᠰᠢᠯᠭᠠᠭᠤᠯᠤᠭᠰᠠᠳ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠪᠡ᠃ ᠡᠭᠦᠨ ᠢ ᠳᠠᠭᠠᠯᠳᠤᠭᠠᠳ ᠠᠰᠫᠢᠷᠠᠨᠲ ᠲᠤ ︽ᠰᠢᠭᠤᠳ ᠣᠷᠣᠭᠤᠯᠤᠭᠠᠳ ᠥᠭᠴᠢᠬᠡᠬᠦ ᠡᠷᠳᠡᠮ︾ ᠲᠠᠢ ᠰᠢᠯᠭᠠᠯᠲᠠ ᠶᠢ ᠤᠭᠲᠤᠬᠤ ᠤᠯᠠᠨ ᠤᠯᠠᠨ ᠪᠣᠯᠪᠠᠰᠤᠷᠠᠯ ᠵᠢᠯᠣᠭᠤᠳᠤᠯᠭ᠎ᠠ ᠶᠢᠨ ᠠᠵᠢᠯ ᠲᠦᠷᠦᠯ ᠤᠨ ᠬᠢᠨ ᠤ ᠡᠮᠬᠢ ᠵᠠᠮᠪᠠᠷᠠᠭ᠎ᠠ ᠪᠠᠨ ᠠᠯᠳᠠᠭᠰᠠᠨ ᠵᠠᠷ ᠰᠤᠷᠳᠠᠯᠴᠢᠯᠠᠭ᠎ᠠ ᠭᠠᠵᠠᠷ ᠰᠠᠢ ᠦᠭᠡᠢ ᠳᠡᠯᠭᠡᠷᠡᠪᠡ᠃ ᠡᠨᠡ ᠬᠦ ᠪᠠᠶᠢᠳᠠᠯ ᠤᠨ ᠪᠤᠢ ᠪᠣᠯᠤᠭᠰᠠᠨ ᠨᠢ ᠨᠢᠭᠡ ᠲᠠᠯ᠎ᠠ ᠪᠠᠷ ᠬᠢᠨᠠᠯᠲᠠ ᠬᠠᠮᠢᠶᠠᠷᠤᠯᠲᠠ ᠳᠤᠲᠠᠮᠠᠭ ᠠᠴᠠ ᠪᠣᠯᠤᠭᠰᠠᠨ ᠭᠡᠬᠦ ᠳᠤ ᠨᠦᠭᠦᠭᠡ ᠲᠠᠯ᠎ᠠ ᠪᠠᠷ ᠠᠰᠫᠢᠷᠠᠨᠲ ᠰᠢᠯᠭᠠᠭᠤᠯᠤᠭᠰᠠᠳ ᠥᠪᠡᠷ ᠢ ᠪᠠᠨ ᠢᠲᠡᠭᠡᠵᠦ ᠬᠠᠲᠠᠭᠤᠵᠢᠯᠲᠠᠢ ᠴᠢᠷᠮᠠᠶᠢᠬᠤ ᠦᠭᠡᠢ᠂ ᠬᠠᠷᠢᠨ ︽ᠳᠥᠲᠡ ᠵᠠᠮ︾ ᠡᠷᠢᠵᠦ᠂ ︽ᠪᠣᠯᠪᠠᠰᠤᠷᠠᠯ ᠵᠢᠯᠣᠭᠤᠳᠤᠯᠭ᠎ᠠ ᠶᠢᠨ ᠠᠵᠢᠯ ᠲᠦᠷᠦᠯ︾ ᠳᠤ ᠳᠡᠩᠳᠡᠭᠦᠦ ᠨᠠᠶᠢᠳᠠᠭᠰᠠᠨ ᠨᠠᠵᠠᠭᠠᠢ ᠣᠪᠣᠷ ᠲᠠᠢ ᠴᠤ ᠨᠢᠭᠲᠠ ᠬᠤᠯᠪᠤᠭ᠎ᠠ ᠲᠠᠢ᠃         ᠵᠠᠷᠢᠮ ︽ᠳᠣᠲᠣᠭᠠᠳᠤ ᠡᠬᠢ ᠪᠠᠶᠠᠯᠢᠭ ᠲᠠᠢ᠂ ᠬᠤᠪᠢ ᠶᠢᠨ ᠬᠠᠷᠢᠴᠠᠭ᠎ᠠ ᠰᠠᠶᠢᠨ᠂ ᠭᠡᠷ᠎ᠡ ᠶᠢᠨ ᠪᠠᠲᠤᠯᠠᠭ᠎ᠠ ᠲᠠᠢ᠂ ᠥᠨᠳᠥᠷ ᠬᠤᠪᠢ ᠶᠢ ᠪᠠᠲᠤᠯᠠᠬᠤ᠂ ᠶᠡᠭᠡ ᠳᠡᠭᠡᠳᠦ ᠰᠤᠷᠭᠠᠭᠤᠯᠢ ᠶᠢᠨ ᠬᠥᠮᠥᠨ ᠡᠯᠰᠡᠬᠦ ᠲᠤᠭ᠎ᠠ ᠬᠢᠵᠠᠭᠠᠷ ᠲᠠᠢ᠂ ᠮᠡᠳᠡᠭᠦᠯᠬᠦ ᠰᠠᠨᠠᠭ᠎ᠠ ᠲᠠᠢ ᠪᠣᠯ ᠲᠦᠷᠭᠡᠯᠡᠭᠡᠷᠡᠢ︾ ᠵᠡᠷᠭᠡ ᠵᠠᠷ ᠰᠤᠷᠳᠠᠯᠴᠢᠯᠠᠭ᠎ᠠ ᠲᠠᠢ ︽ᠠᠰᠫᠢᠷᠠᠨᠲ ᠲᠤ ᠪᠠᠲᠤᠲᠠᠢ ᠤᠷᠤᠭᠤᠯᠬᠤ ᠠᠩᠭᠢ︾ ᠨᠢ ᠠᠷᠪᠠᠭᠠᠳ ᠲᠦᠮᠡᠨ ᠲᠥᠭᠦᠷᠢᠭ ᠤᠨ ᠰᠦᠢᠳᠬᠡᠯ ᠬᠤᠷᠢᠶᠠᠵᠤ᠂ ᠵᠣᠭᠤᠰ ᠢᠶᠠᠨ ᠬᠤᠷᠢᠶᠠᠭᠰᠠᠨ ᠤ ᠳᠠᠷᠠᠭ᠎ᠠ ᠬᠠᠷᠢᠯᠴᠠᠭ᠎ᠠ ᠲᠠᠰᠤᠷᠠᠵᠤ᠂ ᠠᠮᠠᠯᠳᠠᠭᠰᠠᠨ ᠬᠢᠴᠢᠶᠡᠯ ᠪᠣᠯᠪᠠᠰᠤᠷᠠᠯ ᠤᠨ ᠦᠢᠯᠡᠴᠢᠯᠡᠭᠡ ᠪᠦᠷ ᠬᠤᠭᠤᠰᠤᠳᠠᠬᠤ ᠶᠠᠪᠤᠳᠠᠯ ᠭᠠᠷᠴᠤ ᠪᠠᠶᠢᠨ᠎ᠠ ; ᠵᠠᠷᠢᠮ ᠪᠣᠯᠪᠠᠰᠤᠷᠠᠯ ᠤᠨ ᠪᠠᠶᠢᠭᠤᠯᠤᠮᠵᠢ ᠨᠢ ︽ᠣᠷᠣᠵᠤ ᠳᠡᠶᠢᠯᠭᠦ ᠦᠭᠡᠢ ᠪᠣᠯ ᠰᠦᠢᠳᠬᠡᠯ ᠢ ᠪᠤᠴᠠᠭᠠᠬᠤ︾ ᠪᠠᠷ ᠠᠮᠠᠯᠳᠠᠭᠰᠠᠨ ᠪᠤᠯᠪᠠᠴᠤ ᠦᠨᠡᠨ ᠬᠦ ᠰᠦᠢᠳᠬᠡᠯ ᠢᠶᠠᠨ ᠪᠤᠴᠠᠭᠠᠬᠤ ᠪᠠᠷ ᠭᠤᠶᠤᠴᠢᠯᠠᠪᠠᠯ ᠶᠠᠪᠤᠴᠠ ᠨᠢ ᠲᠦᠢᠯ ᠤᠨ ᠬᠦᠴᠢᠷᠲᠡᠢ ᠪᠠᠶᠢᠵᠤ᠂ ᠵᠠᠷᠢᠮ ᠨᠢ ᠰᠦᠢᠳᠬᠡᠯ ᠤᠨ ᠬᠠᠭᠠᠰ ᠬᠤᠭᠤᠰ ᠢ ᠪᠤᠴᠠᠭᠠᠵᠤ᠂ ᠵᠠᠷᠢᠮ ᠨᠢ ᠶᠠᠭ ᠪᠤᠴᠠᠭᠠᠬᠤ ᠦᠭᠡᠢ ᠪᠠᠶᠢᠳᠠᠯ ᠭᠠᠷᠴᠤ ᠪᠠᠶᠢᠨ᠎ᠠ ; ᠡᠭᠦᠨ ᠠᠴᠠ ᠭᠠᠳᠠᠨ᠎ᠠ᠂ ᠰᠦᠯᠵᠢᠶᠡᠨ ᠳᠡᠭᠡᠷ᠎ᠡ ᠠᠰᠫᠢᠷᠠᠨᠲ ᠰᠢᠯᠭᠠᠭᠤᠯᠬᠤ ᠪᠣᠯᠪᠠᠰᠤᠷᠠᠯ ᠤᠨ ᠠᠩᠭᠢ ᠳᠤ ᠣᠷᠣᠯᠴᠠᠭᠰᠠᠳ ᠰᠦᠢᠳᠬᠡᠯ ᠲᠤᠰᠢᠶᠠᠬᠤ ᠦᠶ᠎ᠡ ᠳᠤ ᠬᠤᠪᠢ ᠬᠥᠮᠥᠨ ᠤ ᠺᠣᠳ᠋ ᠢ ᠬᠡᠷᠡᠭᠯᠡᠭᠰᠡᠨ ᠠᠴᠠ ᠪᠣᠯᠵᠤ᠂ ᠰᠢᠯᠭᠠᠭᠤᠯᠤᠭᠴᠢ ᠡᠷᠬᠡ ᠠᠰᠢᠭ ᠢᠶᠠᠨ ᠬᠠᠮᠠᠭᠠᠯᠠᠬᠤ ᠳᠤ ᠮᠠᠰᠢ ᠬᠦᠴᠢᠷᠳᠡᠬᠦ ᠦᠵᠡᠭᠳᠡᠯ ᠭᠠᠷᠴᠤ ᠪᠤᠢ᠃         ᠠᠰᠫᠢᠷᠠᠨᠲ ᠤᠨ ᠰᠢᠯᠭᠠᠯᠲᠠ ᠶᠢᠨ ᠪᠣᠯᠪᠠᠰᠤᠷᠠᠯ ᠵᠢᠯᠣᠭᠤᠳᠤᠯᠭ᠎ᠠ ᠶᠢᠨ ᠪᠠᠶᠢᠭᠤᠯᠤᠮᠵᠢ ᠶᠢᠨ ᠬᠠᠤᠯᠢ ᠶᠣᠰᠣᠴᠢ ᠴᠢᠨᠠᠷ ᠤᠨ ᠲᠤᠬᠠᠢ ᠤᠯᠠᠨ ᠳᠦᠷᠢᠮ ᠲᠣᠭᠲᠠᠭᠠᠯ ᠪᠤᠢ᠃ ᠰᠤᠷᠭᠠᠨ ᠬᠥᠮᠦᠵᠢᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽2024 ᠣᠨ ᠤ ᠪᠦᠭᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠲᠠ ᠶᠢᠨ ᠲᠣᠭᠲᠠᠭᠠᠯ︾ ᠳᠤ᠂ ᠰᠣᠷᠣᠬᠴᠢ ᠡᠯᠰᠡᠬᠦ ᠨᠢᠭᠡᠴᠢ ᠶᠢᠨ ᠳᠣᠲᠣᠭᠠᠳᠤ ᠶᠢᠨ ᠶᠠᠮᠠᠷᠪᠠ ᠰᠠᠯᠠᠭ᠎ᠠ ᠮᠥᠴᠢᠷ ᠪᠣᠯᠣᠨ ᠠᠵᠢᠯᠲᠠᠨ ᠠᠰᠫᠢᠷᠠᠨᠲ ᠰᠢᠯᠭᠠᠭᠤᠯᠬᠤ ᠳᠤ ᠬᠠᠪᠰᠤᠷᠤᠨ ᠵᠢᠯᠤᠭᠤᠳᠬᠤ ᠠᠵᠢᠯᠯᠠᠭ᠎ᠠ ᠡᠷᠭᠢᠯᠡᠭᠦᠪᠤᠶᠤ ᠣᠷᠤᠯᠴᠠᠬᠤ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃ ︽ᠵᠠᠷ ᠮᠡᠳᠡᠭᠡ ᠶᠢᠨ ᠬᠠᠤᠯᠢ︾ ᠶᠢᠨ ᠬᠤᠷᠢᠨ ᠳᠥᠷᠪᠡᠳᠦᠭᠡᠷ ᠵᠦᠢᠯ ᠳᠤ ᠪᠠᠰᠠ ᠰᠤᠷᠭᠠᠨ ᠬᠥᠮᠦᠵᠢᠯ᠂ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠷ ᠮᠡᠳᠡᠭᠡ ᠳᠤ ᠰᠤᠷᠭᠠᠭᠤᠯᠢ ᠳᠠᠪᠰᠢᠬᠤ᠂ ᠰᠢᠯᠭᠠᠯᠲᠠ ᠳᠤ ᠬᠢᠷᠢ ᠲᠡᠩᠴᠡᠬᠦ᠂ ᠡᠷᠳᠡᠮ ᠰᠢᠨᠵᠢᠯᠡᠭᠡᠨ ᠤ ᠴᠣᠯᠠ᠂ ᠰᠤᠷᠤᠯᠭ᠎ᠠ ᠶᠢᠨ ᠨᠠᠮᠲᠠᠷ ᠪᠤᠶᠤ ᠬᠢᠷᠢ ᠲᠡᠩᠴᠡᠭᠰᠡᠨ ᠦᠨᠡᠮᠯᠡᠯ ᠣᠯᠭᠤᠬᠤ ᠪᠤᠶᠤ ᠰᠤᠷᠭᠠᠨ ᠬᠥᠮᠦᠵᠢᠯ᠂ ᠪᠣᠯᠪᠠᠰᠤᠷᠠᠯ ᠤᠨ ᠦᠷ᠎ᠡ ᠳ᠋ᠦᠩ ᠳᠤ ᠢᠯᠡ ᠪᠠᠷ ᠪᠤᠶᠤ ᠳᠠᠯᠳᠠ ᠪᠠᠷ ᠪᠠᠲᠤᠯᠠᠭ᠎ᠠ ᠶᠢᠨ ᠴᠢᠨᠠᠷᠲᠠᠢ ᠠᠮᠠᠯᠠᠯᠲᠠ ᠬᠢᠵᠦ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ ᠡᠭᠦᠨ ᠠᠴᠠ ᠦᠵᠡᠪᠡᠯ᠂ ᠳᠡᠭᠡᠷ᠎ᠡ ᠳᠤᠷᠠᠳᠤᠭᠰᠠᠨ ︽ᠠᠰᠫᠢᠷᠠᠨᠲ ᠲᠤ ᠪᠠᠲᠤᠲᠠᠢ ᠤᠷᠤᠭᠤᠯᠬᠤ︾ ᠵᠡᠷᠭᠡ ᠠᠮᠠᠯᠠᠯᠲᠠ ᠨᠢ ᠳᠦᠷᠢᠮ ᠲᠣᠭᠲᠠᠭᠠᠯ ᠳᠤ ᠨᠡᠶᠢᠴᠡᠬᠦ ᠦᠭᠡᠢ ᠪᠠᠶᠢᠳᠠᠭ᠃         ᠡᠳᠡᠭᠡᠷ ᠪᠠᠶᠢᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠠᠰᠫᠢᠷᠠᠨᠲ ᠤᠨ ᠰᠢᠯᠭᠠᠯᠲᠠ ᠶᠢᠨ ᠪᠣᠯᠪᠠᠰᠤᠷᠠᠯ ᠵᠢᠯᠣᠭᠤᠳᠤᠯᠭ᠎ᠠ ᠶᠢᠨ ᠪᠠᠶᠢᠭᠤᠯᠤᠮᠵᠢ ᠨᠢᠭᠡᠴᠡ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠬᠢᠷᠢ ᠭᠡᠮ ᠢ ᠨᠢ ᠨᠢᠭᠲᠠ ᠬᠢᠨᠠᠨ ᠬᠠᠷᠭᠤᠭᠤᠯᠵᠤ᠂ ︽ᠪᠠᠲᠤᠲᠠᠢ ᠤᠷᠤᠭᠤᠯᠬᠤ ᠠᠩᠭᠢ︾ ᠵᠡᠷᠭᠡ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠷᠡᠰ ᠬᠤᠷᠢᠭᠯᠠᠪᠠᠯ ᠵᠣᠬᠢᠨ᠎ᠠ᠃ ᠥᠷᠭᠡᠨ ᠣᠯᠠᠨ ᠰᠢᠯᠭᠠᠭᠤᠯᠤᠭᠴᠢ ᠲᠠᠨᠢᠯᠲᠠ ᠪᠠᠨ ᠳᠡᠭᠡᠭᠰᠢᠯᠡᠭᠦᠯᠵᠦ᠂ ︽ᠬᠤᠪᠢ ᠶᠢ ᠪᠠᠲᠤᠯᠠᠵᠤ ᠣᠷᠣᠬᠤ ᠶᠢ ᠪᠠᠲᠤᠯᠠᠬᠤ︾᠂ ︽ᠬᠤᠪᠢ ᠶᠢᠨ ᠬᠠᠷᠢᠴᠠᠭ᠎ᠠ ᠲᠠᠢ︾ ᠵᠡᠷᠭᠡ ᠵᠠᠷ ᠰᠤᠷᠳᠠᠯᠴᠢᠯᠠᠭ᠎ᠠ ᠨᠢ ᠬᠤᠳᠠᠯ ᠬᠠᠭᠤᠷᠮᠠᠭ ᠪᠤᠯᠬᠤ ᠶᠢ ᠰᠡᠷᠡᠨ ᠮᠡᠳᠡᠵᠦ᠂ ᠪᠦᠷᠢᠮᠦᠰᠦᠨ ᠪᠤᠰᠤᠳ ᠲᠤ ᠨᠠᠶᠢᠳᠠᠬᠤ ᠶᠢ ᠲᠡᠪᠴᠢᠬᠦ ᠬᠡᠷᠡᠭᠲᠡᠢ᠃ ᠬᠡᠷᠪᠡ ᠬᠠᠤᠯᠢ ᠶᠣᠰᠣᠨ ᠤ ᠡᠷᠬᠡ ᠠᠰᠢᠭ ᠴᠢᠨᠢ ᠬᠠᠯᠳᠠᠯᠭ᠎ᠠ ᠳᠤ ᠤᠴᠠᠷᠠᠪᠠᠯ ᠬᠠᠤᠯᠢ ᠶᠣᠰᠣᠭᠠᠷ ᠡᠷᠬᠡ ᠠᠰᠢᠭ ᠢᠶᠠᠨ ᠡᠷᠡᠰ ᠬᠠᠮᠠᠭᠠᠯᠠᠪᠠᠯ ᠵᠣᠬᠢᠨ᠎ᠠ᠃         ᠰᠢᠯᠭᠠᠯᠲᠠ ᠳᠤ ᠳᠥᠭᠦᠮ ᠳᠥᠲᠡ ᠵᠠᠮ ᠭᠡᠵᠦ ᠪᠠᠶᠢᠬᠤ ᠦᠭᠡᠢ᠃ ᠥᠷᠭᠡᠨ ᠤᠯᠠᠨ ᠠᠰᠫᠢᠷᠠᠨᠲ ᠰᠢᠯᠭᠠᠭᠤᠯᠤᠭᠴᠢᠳ ᠮᠠᠨᠢ ᠴᠢᠷᠮᠠᠶᠢᠯᠭ᠎ᠠ ᠬᠥᠮᠥᠨ ᠢ ᠭᠤᠮᠣᠳᠠᠭᠠᠬᠤ ᠦᠭᠡᠢ ᠭᠡᠳᠡᠭ ᠦᠨᠡᠨ ᠶᠣᠰᠣ ᠶᠢ ᠪᠠᠲᠤ ᠢᠲᠡᠭᠡᠵᠦ᠂ ᠰᠢᠯᠭᠠᠯᠲᠠ ᠳᠠᠭᠠᠨ ᠦᠨᠡᠨᠴᠢ ᠢᠲᠡᠭᠡᠮᠵᠢᠲᠡᠢ ᠬᠠᠨᠳᠤᠭᠠᠷᠠᠢ᠃ ᠴᠢᠷᠮᠠᠶᠢᠯᠭ᠎ᠠ ᠪᠣᠯ ᠬᠠᠮᠤᠭ ᠤᠨ ᠪᠠᠲᠤᠯᠠᠭ᠎ᠠ ᠲᠠᠢ ᠵᠠᠮ ᠶᠤᠮ︕
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ