ᠣᠶᠢᠷ᠎ᠠ ᠳᠤ ︽ᠠᠮᠠᠷᠠᠯᠲᠠ ᠶᠢᠨ ᠬᠤᠭᠤᠴᠠᠭᠠᠨ ᠤ ᠭᠠᠯᠲᠤ ᠲᠡᠷᠭᠡᠨ ᠤ ᠪᠢᠯᠧᠲ ᠦᠨ᠎ᠡ ᠦᠰᠦᠭᠰᠡᠨ ᠭᠡᠨ᠎ᠡ︾ ᠭᠡᠬᠦ ᠵᠤᠭᠤᠭ ᠬᠦᠮᠦᠰ ᠤᠨ ᠠᠩᠬᠠᠷᠤᠯ ᠢ | ᠲᠡᠲᠠᠵᠤ ᠪᠤᠢ᠃ ᠡᠭᠦᠨ ᠳᠤ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠨ ᠲᠦᠷᠭᠡᠨ ᠤ ᠲᠡᠮᠦᠷ ᠵᠠᠮ ᠤᠨ ᠪᠢᠯᠧᠲ ᠤᠨ ᠦᠨ᠎ᠡ ᠶᠢᠨ ᠵᠦᠷᠢᠶᠡᠴᠢᠯᠡᠭᠰᠡᠨ | ᠬᠡᠯᠪᠡᠯᠵᠡᠯ ᠤᠨ ᠪᠠᠶᠢᠳᠠᠯ ᠤᠨ ᠲᠤᠬᠠᠢ ᠲᠠᠶᠢᠯᠪᠤᠷᠢᠯᠠᠯᠲᠠ ᠬᠢᠪᠡ᠃ | ᠲᠠᠨᠢᠯᠴᠠᠭᠤᠯᠤᠭᠰᠠᠨ ᠢᠶᠠᠷ᠂ 2015 ᠣᠨ ᠳᠤ ᠤᠯᠤᠰ ᠠᠴᠠ ︽ᠲᠡᠮᠦᠷ ᠵᠠᠮ ᠤᠨ ᠬᠠᠤᠯᠢ︾ ᠪᠣᠯᠤᠨ ︽ᠲᠥᠪ ᠠᠴᠠ ᠦᠨ᠎ᠡ ᠳᠤᠭᠲᠠᠭᠠᠬᠤ ᠭᠠᠷᠴᠠᠭ︾ | ᠲᠤ ᠵᠠᠰᠠᠪᠤᠷᠢ ᠣᠷᠤᠭᠤᠯᠵᠤ᠂ ᠬᠦᠳᠡᠯᠭᠡᠬᠦ ᠬᠦᠴᠦᠨ ᠤ ᠭᠠᠯᠲᠤ ᠲᠡᠷᠭᠡᠨ ᠤ ᠪᠢᠯᠧᠲ ᠤᠨ ᠦᠨ᠎ᠡ ᠶᠢ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠬᠠᠤᠯᠢ | ᠶᠣᠰᠤᠭᠠᠷ ᠪᠡᠶ᠎ᠡ ᠪᠠᠨ ᠳᠠᠭᠠᠭᠠᠵᠤ ᠲᠤᠭᠲᠠᠭᠠᠨ᠎ᠠ ᠭᠡᠵᠡᠢ᠃ ᠣᠳᠤᠬᠠᠨ ᠳᠤ᠂ ᠬᠦᠳᠡᠯᠭᠡᠭᠡᠬᠦ ᠬᠦᠴᠦᠨ ᠤ ᠭᠠᠯᠲᠤ ᠲᠡᠷᠭᠡᠨ ᠤ ᠪᠢᠯᠧᠲ ᠤᠨ ᠦᠨ᠎ᠡ ᠶᠢ ᠳᠤᠭᠲᠠᠭᠠᠯ | ᠶᠣᠰᠤᠭᠠᠷ ᠨᠡᠶᠢᠲᠡᠯᠡᠭᠰᠡᠨ ᠪᠢᠯᠧᠲ ᠤᠨ ᠦᠨ᠎ᠡ ᠪᠠ ᠬᠡᠷᠡᠭᠵᠢᠬᠦᠯᠬᠦ ᠪᠢᠯᠧᠲ ᠤᠨ ᠦᠨ᠎ᠡ ᠭᠡᠵᠦ ᠬᠤᠪᠢᠶᠠᠨ᠎ᠠ᠂ ᠨᠡᠶᠢᠲᠡᠯᠡᠭᠰᠡᠨ ᠪᠢᠯᠧᠲ ᠤᠨ ᠦᠨ᠎ᠡ ᠭᠡᠳᠡᠭ ᠪᠣᠯ | ᠦᠨ᠎ᠡ ᠪᠠᠭᠤᠷᠠᠭᠤᠯᠤᠭᠰᠠᠨ ᠦᠭᠡᠢ ᠪᠦᠬᠦ ᠪᠢᠯᠧᠲ ᠤᠨ ᠦᠨ᠎ᠡ ᠶᠢ ᠬᠡᠯᠡᠵᠦ ᠪᠠᠶᠢᠨ᠎ᠡ᠂ ᠡᠨᠡ ᠪᠣᠯ ᠬᠡᠷᠡᠭᠵᠢᠬᠦᠯᠬᠦ ᠪᠢᠯᠧᠲ ᠤᠨ ᠦᠨ᠎ᠡ ᠶᠢ ᠪᠣᠳᠤᠬᠤ ᠰᠠᠭᠤᠷᠢ ᠮᠦᠨ᠂ | ᠬᠡᠷᠡᠭᠵᠢᠬᠦᠯᠬᠦ ᠪᠢᠯᠧᠲ ᠤᠨ ᠦᠨ᠎ᠡ ᠪᠣᠯ ᠪᠤᠳᠠᠳᠠᠢ ᠬᠤᠳᠠᠯᠳᠤᠭᠰᠠᠨ ᠪᠢᠯᠧᠲ ᠤᠨ ᠦᠨ᠎ᠡ ᠮᠦᠨ᠂ ᠬᠡᠷᠡᠭᠵᠢᠬᠦᠯᠬᠦ ᠪᠢᠯᠧᠲ ᠤᠨ ᠦᠨ᠎ᠡ ᠨᠢ ᠨᠡᠶᠢᠲᠡᠯᠡᠭᠰᠡᠨ | ᠪᠢᠯᠧᠲ ᠤᠨ ᠦᠨ᠎ᠡ ᠠᠴᠠ ᠦᠨᠳᠦᠷ ᠪᠠᠶᠢᠵᠤ ᠪᠣᠯᠬᠤ ᠦᠭᠡᠢ᠃ | ᠣᠶᠢᠷ᠎ᠠ ᠶᠢᠨ ᠵᠢᠯ ᠳᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠬᠦᠳᠡᠯᠦᠩᠭᠦᠢ᠂ ᠵᠦᠷᠢᠶᠡᠴᠢᠯᠡᠭᠰᠡᠨ ᠦᠨ᠎ᠡ ᠳᠣᠭᠳᠠᠭᠠᠬᠤ ᠲᠣᠭᠲᠠᠴᠠ ᠶᠢ | ᠠᠯᠬᠤᠮ ᠠᠯᠬᠤᠮ ᠢᠶᠠᠷ ᠬᠡᠷᠡᠭᠵᠢᠭᠦᠯᠵᠦ᠂ ᠭᠤᠣᠯᠳᠠᠭᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ᠂ ᠦᠷᠦᠰᠦᠯᠳᠦᠭᠡᠨ ᠤ ᠠᠳᠠᠯᠢᠳᠬᠠᠯ ᠦᠨ᠎ᠡ ᠪᠠ | ᠠᠶᠠᠨᠴᠢᠳ ᠤᠨ ᠠᠶᠠᠯᠠᠯ ᠤᠨ ᠵᠢᠮ᠎ᠡ ᠶᠣᠰᠣ ᠵᠡᠷᠭᠡ ᠶᠢ ᠦᠨᠳᠦᠰᠦᠯᠡᠨ᠂ ᠨᠡᠶᠢᠲᠡᠯᠡᠭᠰᠡᠨ ᠪᠢᠯᠧᠲ ᠤᠨ ᠦᠨ᠎ᠡ ᠪᠠᠷ ᠳᠡᠭᠡᠳᠦ ᠬᠢᠵᠠᠭᠠᠷ ᠪᠣᠯᠭᠠᠵᠤ᠂ ᠤᠯᠠᠷᠢᠯ᠂ ᠴᠠᠭ᠂ | ᠰᠠᠭᠤᠳᠠᠯ ᠤᠨ ᠢᠯᠭᠠᠯ ᠵᠡᠷᠭᠡ ᠪᠠᠷ ᠦᠨ᠎ᠡ ᠲᠣᠭᠲᠠᠭᠠᠪᠠ᠂ ᠡᠭᠦᠨ ᠤ ᠵᠣᠷᠢᠯᠭ᠎ᠠ ᠨᠢ ᠵᠠᠬ᠎ᠠ ᠲᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠶᠠᠨᠴᠢᠳ ᠤᠨ ᠶᠠᠪᠤᠵᠤ | ᠰᠠᠭᠤᠬᠤ ᠠᠳᠠᠯᠢ ᠪᠣᠰᠤ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠦᠯᠦᠭᠡ ᠶᠤᠮ᠃ | |