ᠪᠦᠬᠦ ᠣᠷᠣᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠳᠦᠭᠦᠯᠢᠭ᠂ ᠪᠣᠷᠳᠣᠭᠰᠠᠨ ᠬᠤᠪᠢ ᠶᠢᠨ ᠵᠢᠩ | ᠬᠠᠷᠢᠴᠠᠩᠭᠤᠢ ᠳᠣᠣᠷ᠎ᠠ᠂ ᠡᠵᠡᠩᠨᠡᠯᠲᠡ ᠶᠢᠨ ᠦᠷ᠎ᠡ ᠠᠰᠢᠭ ᠥᠨᠳᠥᠷ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠮᠠᠯ ᠵᠢᠭᠦᠷᠲᠡᠨ ᠢ | ᠲᠡᠵᠢᠭᠡᠨ ᠦᠷᠡᠵᠢᠭᠦᠯᠦᠭᠰᠡᠨ ᠬᠡᠪᠴᠢᠶᠡᠵᠢᠯ ᠤᠨ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠂ ᠣᠳᠣ ᠦᠶ᠎ᠡ ᠶᠢᠨ ᠪᠡᠯᠡᠳᠬᠡᠮᠵᠢᠲᠦ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠦᠷ᠎ᠡ ᠪᠦᠲᠦᠮᠵᠢ᠂ ᠭᠠᠷᠤᠯᠲᠠ ᠶᠢᠨ ᠶᠠᠰᠤ ᠴᠢᠨᠠᠷ ᠪᠠ ᠳᠠᠶᠢᠴᠢᠯᠠᠬᠤ ᠦᠢᠯᠡᠳᠦᠯ ᠤᠨ ᠢᠯᠡᠷᠬᠡᠢ ᠳᠡᠭᠡᠭᠰᠢᠯᠡᠬᠦ ᠶᠢ ᠴᠢᠷᠮᠠᠶᠢᠨ ᠪᠡᠶᠡᠯᠡᠭᠦᠯᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠪᠡᠯᠡᠳᠭᠡᠮᠵᠢᠳᠤ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ | ᠬᠠᠰᠢᠶᠠᠯᠠᠨ ᠲᠡᠵᠢᠭᠡᠬᠦ ᠶᠢ ᠶᠡᠭᠡ ᠪᠠᠷ ᠠᠬᠢᠭᠤᠯᠵᠤ᠂ ᠵᠢᠯ ᠳᠤ ᠪᠣᠳᠠᠲᠠᠢ ᠲᠡᠵᠢᠭᠡᠯ ᠠᠴᠠ ᠭᠠᠷᠭᠠᠭᠰᠠᠨ ᠪᠣᠷᠳᠣᠭᠰᠠᠨ ᠠᠯᠠᠰᠢᠨ ᠦᠬᠡᠷ 500 ᠲᠣᠯᠣᠭᠠᠢ | ᠪᠤᠶᠤ ᠠᠯᠠᠰᠢᠨ ᠬᠤᠨᠢ 3000 ᠲᠣᠯᠣᠭᠠᠢ ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠪᠣᠯᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠲᠤᠯᠤᠭᠰᠠᠨ ᠪᠥᠭᠡᠳ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠭᠰᠠᠨ | ᠭᠡᠷᠡᠴᠢ ᠲᠠᠢ ᠪᠠᠶᠢᠪᠠᠯ᠂ ᠲᠡᠵᠢᠭᠡᠯ ᠠᠴᠠ ᠭᠠᠷᠭᠠᠭᠰᠠᠨ ᠠᠯᠠᠰᠢᠨ ᠦᠬᠡᠷ ᠤᠨ ᠲᠣᠯᠣᠭᠠᠢ ᠪᠦᠷᠢ ᠳᠤ 300 ᠲᠥᠭᠦᠷᠢᠭ᠂ ᠠᠯᠠᠰᠢᠨ ᠬᠤᠨᠢ ᠶᠢᠨ ᠲᠣᠯᠣᠭᠠᠢ ᠪᠦᠷᠢ ᠳᠤ | 60 ᠲᠥᠭᠦᠷᠢᠭ ᠢᠶᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠭᠡᠭ ᠰᠠᠩᠭᠠᠰᠤ | ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠬᠦ ᠵᠢᠴᠢ ᠤᠳᠤ ᠦᠶ᠎ᠡ ᠶᠢᠨ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠶᠢ ᠲᠡᠰ ᠳᠡᠪᠰᠢᠭᠦᠯᠦᠨ | ᠥᠭᠡᠷᠡᠴᠢᠯᠡᠨ ᠰᠢᠨᠡᠳᠬᠡᠬᠦ ᠳᠤ ᠵᠠᠷᠤᠴᠠᠭᠤᠯᠵᠤ᠂ ᠦᠬᠡᠷ ᠬᠤᠨᠢ ᠪᠣᠷᠳᠣᠬᠤ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ | ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠣᠬᠢᠬᠤ ᠬᠡᠪᠴᠢᠶ᠎ᠡ ᠪᠠᠷ ᠦᠬᠡᠷ ᠬᠤᠨᠢ ᠪᠠᠨ ᠪᠣᠷᠳᠣᠬᠤ ᠶᠢ ᠨᠢ | ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠶᠢ ᠤᠷᠲᠤᠳᠬᠠᠨ᠎ᠠ᠃ | ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ﹈ | ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ | ᠠᠵᠤ ᠠᠬᠤᠶᠢᠯᠠᠯ ᠤᠨ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠦ᠂ ᠴᠠᠷᠭᠠᠰᠤ᠂ | ᠬᠢᠶᠠᠭ᠂ ᠨᠣᠬᠠᠢ ᠶᠢᠨ ᠬᠤᠰᠢᠭᠤ ᠵᠡᠷᠭᠡ ᠲᠡᠵᠢᠭᠡᠯ ᠡᠪᠡᠰᠦᠨ ᠤ ᠲᠠᠷᠢᠮᠠᠯ ᠤᠨ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠣᠲᠣ ᠶᠢᠨ ᠪᠠᠶᠢᠭ᠎ᠠ | ᠲᠥᠷᠥ ᠶᠢᠨ ᠪᠣᠳᠣᠯᠭ᠎ᠠ ᠶᠢᠨ ᠶᠣᠰᠣᠭᠠᠷ ᠱᠠᠩᠨᠠᠨ ᠬᠥᠬᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠯ ᠡᠪᠡᠰᠦ ᠳᠠᠷᠢᠬᠤ ᠲᠠᠯᠠᠪᠠᠶ ᠶᠢ | ᠥᠷᠭᠡᠳᠬᠡᠨ᠂ ᠣᠯᠠᠨ ᠶᠠᠩᠵᠤ ᠶᠢᠨ ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭᠠᠯᠠᠵᠤ | ᠡᠳ᠋ᠰᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠤᠨ᠂ ᠡᠪᠡᠰᠦᠨ ᠦᠷ᠎ᠡ ᠪᠤᠶᠢᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ﹈ | ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠤᠷᠢ ᠶᠢ ᠴᠢᠩᠭᠠᠷᠠᠭᠤᠯᠤᠨ᠎ᠠ | ᠪᠡᠯᠡᠳᠭᠡᠮᠵᠢᠳᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠲᠡᠵᠢᠭᠡᠯ ᠡᠪᠡᠰᠦ ᠪᠣᠷᠳᠤᠭ᠎ᠠ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠵᠡᠷᠭᠡ ᠬᠦᠷᠢᠶ᠎ᠡ ᠴᠠᠷᠠᠭᠠᠨ ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ | ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠴᠢᠨ ᠮᠠᠯᠴᠢᠳ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠬᠤᠳᠠᠯᠳᠤᠨ ᠠᠪᠤᠭᠰᠠᠨ ᠲᠠᠷᠮᠠᠭᠤᠷ᠂ ᠪᠦᠷᠢᠨ ᠬᠤᠯᠢᠮᠠᠭ ᠡᠳᠦᠷ ᠲᠤ ᠠᠮᠤ ᠬᠦᠨᠡᠰᠦ ᠦᠢᠯᠡᠳᠬᠦ ᠮᠠᠰᠢᠨ᠂ ᠢᠯᠭᠠᠳᠠᠰᠤ ᠴᠡᠪᠡᠷᠯᠡᠬᠦ ᠮᠠᠰᠢᠨ | ᠵᠡᠷᠭᠡ 16 ᠲᠠᠸᠠᠷ ᠤᠨ ᠲᠦᠷᠦᠯ ᠳᠤ᠂ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠣᠷᠮᠠᠲᠤ ᠨᠡᠮᠡᠭᠦᠷᠢ ᠶᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠨᠡᠮᠡᠵᠦ ᠨᠥᠬᠦᠪᠦᠷᠢᠯᠡᠨ᠎ᠡ᠂ ᠨᠡᠮᠡᠭᠦᠷᠢ ᠥᠭᠬᠦ ᠲᠤᠭ᠎ᠠ ᠶᠢ ᠲᠥᠪ ᠤᠨ ᠡᠳ᠋ ᠤᠨ ᠵᠠᠰᠠᠭ ᠤᠨ ᠲᠣᠭᠲᠠᠭᠰᠠᠨ | ᠨᠣᠷᠮᠠᠲᠤ ᠨᠡᠮᠡᠭᠦᠷᠢ ᠶᠢᠨ 1/3 ᠠᠴᠠ ᠳᠠᠪᠠᠭᠤᠯᠬᠤ ᠦᠭᠡᠢ᠃ ᠲᠥᠪ ᠤᠨ ᠡᠳ᠋ ᠤᠨ ᠵᠠᠰᠠᠭ ᠤᠨ ᠨᠡᠮᠡᠭᠦᠷᠢ ᠥᠭᠬᠦ ᠬᠡᠪᠴᠢᠶᠡᠨ ᠳᠤ ᠵᠢᠭᠰᠠᠭᠠᠨ ᠣᠷᠣᠭᠤᠯᠤᠭᠠᠳᠤᠢ᠂ | ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠮᠠᠯ ᠠᠵᠤ ᠠᠬᠤᠢ ᠶᠢᠨ ᠮᠧᠬᠠᠨᠢᠭ ᠢ ᠪᠣᠯ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ | ᠮᠠᠰᠢᠨ ᠪᠠᠭᠠᠵᠢ ᠶᠢᠨ ᠬᠡᠪᠴᠢᠶᠡᠨ ᠳᠣᠲᠣᠷ᠎ᠠ᠂ ᠳᠡᠭᠡᠷ᠎ᠡ ᠵᠢᠯ ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠶᠢᠨ 30% ᠠᠴᠠ ᠥᠨᠳᠥᠷ | ᠪᠠᠶᠢᠯᠭᠠᠬᠤ ᠦᠭᠡᠢ ᠬᠠᠷᠢᠴᠠᠯ ᠢᠶᠠᠷ ᠲᠥᠰᠥᠭᠡᠯᠡᠨ ᠪᠣᠳᠣᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠭᠲᠠᠭᠰᠠᠨ | ᠨᠤᠷᠮ᠎ᠠ ᠪᠠᠷ ᠨᠥᠬᠦᠪᠦᠷᠢᠯᠡᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠬᠠᠮᠵᠢᠯᠴᠠᠨ᠎ᠠ﹈ | ᠳᠥᠷᠪᠡ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠴᠢᠯᠡᠭᠡᠨ ᠳᠤ ᠰᠢᠨ᠎ᠡ ᠶᠢ ᠡᠭᠦᠳᠦᠨ᠎ᠡ | ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠢ ᠶᠢᠨ ᠲᠥᠷᠥᠯ ᠵᠦᠢᠯ ᠤᠨ ᠵᠢᠭᠡᠯᠡᠯᠭᠡ ᠳᠤ ᠳᠠᠮ ᠬᠦᠦ ᠮᠥᠩᠭᠦ ᠶᠢᠨ | ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠡᠯ᠎ᠡ ᠱᠠᠲᠤᠨ ᠤ ᠡᠳ᠋ ᠤᠨ ᠵᠠᠰᠠᠭ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠥᠭᠬᠦ ᠳᠠᠮ ᠬᠦᠦ | ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ ᠵᠢᠭᠡᠯᠡᠯᠭᠡ ᠶᠢᠨ | ᠬᠦᠦ ᠮᠥᠩᠭᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ ᠨᠣᠷᠮ᠎ᠠ ᠨᠢ LPR ᠠᠴᠠ ᠳᠣᠣᠷ᠎ᠠ ᠪᠠᠶᠢᠪᠠᠯ ᠪᠣᠳᠠᠲᠠᠢ ᠬᠦᠦ | ᠮᠥᠩᠭᠦᠨ ᠤ ᠨᠤᠷᠮ᠎ᠠ ᠪᠠᠷ ᠪᠤᠳᠤᠨ᠎ᠠ︶ ᠪᠠᠶᠢᠯᠭᠠᠨ᠎ᠠ᠃ ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠤᠨ ᠠᠵᠤ ᠦᠢᠯᠡᠰ ᠢ ᠳᠡᠮᠵᠢᠬᠦ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠳᠠᠭᠠᠭᠠᠯᠲᠠ᠂ ᠳᠠᠭᠠᠳᠬᠠᠯ ᠤᠨ ᠪᠠᠲᠤᠯᠠᠭ᠎ᠠ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠤᠯᠪᠤᠭᠠᠯᠠᠨ | ᠬᠥᠳᠡᠯᠦᠯᠴᠡᠬᠦ ᠵᠠᠭᠪᠤᠷ ᠢ ᠪᠠᠶᠢᠭᠤᠯᠵᠤ᠂ ᠠᠮᠢᠲᠠᠨ ᠢᠶᠠᠷ ᠪᠠᠷᠢᠴᠠᠭ᠎ᠠ ᠪᠣᠯᠭᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠢ ᠶᠢᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ | 1% ᠠᠴᠠ ᠥᠨᠳᠥᠷ ᠪᠠᠶᠢᠯᠭᠠᠵᠤ ᠪᠣᠯᠬᠤ ᠦᠭᠡᠢ᠃ ᠠᠯᠠᠰᠢᠨ ᠦᠬᠡᠷ ᠠᠯᠠᠰᠢᠨ ᠬᠤᠨᠢᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠢ | ᠠᠯᠠᠰᠢᠨ ᠦᠬᠡᠷ᠂ ᠠᠯᠠᠰᠢᠨ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ | | ᠲᠠᠪᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ | ᠣᠷᠣᠯᠭ᠎ᠠ ᠵᠡᠷᠭᠡ ᠪᠠᠷ ᠪᠡᠯᠡᠳᠬᠡᠮᠵᠢᠲᠦ ᠮᠠᠯ ᠠᠵᠤ ᠠᠬᠤᠢ ᠶᠢᠨ ᠲᠥᠷᠥᠯ ᠵᠦᠢᠯ ᠢ ᠤᠷᠢᠳ ᠢᠶᠠᠷ ᠳᠡᠮᠵᠢᠬᠦ ᠬᠡᠷᠡᠭᠲᠡᠢ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ | ᠬᠤᠵᠢᠷᠯᠢᠭ ᠭᠠᠵᠠᠷ ᠵᠡᠷᠭᠡ ᠣᠷᠣᠨ ᠪᠦᠰᠡ ᠳᠤ ᠪᠡᠯᠡᠳᠬᠡᠮᠵᠢᠲᠦ ᠮᠠᠯ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠣᠭᠠᠷ ᠬᠠᠮᠢᠶᠠᠷᠤᠨ᠎ᠠ᠃ ︽ᠤᠰᠤ ᠪᠠᠷ ᠳᠥᠷᠪᠡ ᠶᠢ | ᠲᠣᠭᠲᠠᠭᠠᠬᠤ︾ ᠤᠷᠢᠲᠠᠯ ᠳᠣᠣᠷ᠎ᠠ᠂ ᠮᠠᠯ ᠠᠵᠤ ᠠᠬᠤᠢ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ﹇ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶﹈ | ᠵᠢᠷᠭᠤᠭ᠎ᠠ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ | ᠵᠢᠯ ᠪᠦᠷᠢ 1 - 3 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠯᠢᠳᠡᠭᠴᠢᠯᠡᠨ ᠰᠣᠩᠭᠤᠵᠤ ᠪᠡᠯᠡᠳᠭᠡᠮᠵᠢᠳᠤ ᠮᠠᠯ ᠠᠵᠤ ᠠᠬᠤᠢ ᠶᠢᠨ ᠵᠢᠱᠢᠶ᠎ᠡ | ᠦᠵᠡᠭᠦᠯᠬᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠪᠦᠷᠢ ᠳᠤ 1000 ᠲᠦᠮᠡᠨ ᠲᠥᠭᠦᠷᠢᠭ | ᠱᠠᠩᠨᠠᠨ᠎ᠠ᠃ ᠵᠢᠯ ᠪᠦᠷᠢ 2 - 5 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢ | ᠥᠷᠨᠢᠭᠦᠯᠵᠦ᠂ ᠲᠡᠳᠡᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠡᠩ ᠲᠡᠷᠢᠭᠦᠨ ᠳᠤ | ᠳᠡᠮᠵᠢᠵᠦ᠂ ᠱᠠᠩᠨᠠᠬᠤ ᠪᠠᠷ ᠨᠥᠬᠦᠪᠦᠷᠢ ᠶᠢ ᠣᠷᠣᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠡᠵᠢᠭᠡᠯ | ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠭ ᠣᠨᠣᠴᠠᠲᠠᠢ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ᠂ ᠦᠷ᠎ᠡ | ᠡᠭᠦᠯᠳᠡᠷ ᠢ ᠰᠠᠶᠢᠵᠢᠷᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠷᠰᠢᠯᠲᠠ ᠪᠦᠷᠢ ᠳᠤ ᠠᠳᠠᠭ ᠲᠤ ᠪᠠᠨ 10 ᠲᠦᠮᠡᠨ ᠬᠤᠨᠢᠨ ᠨᠢᠭᠡᠴᠢ ᠠᠴᠠ | ᠳᠡᠭᠡᠭᠰᠢᠬᠢ ᠮᠠᠯ ᠢ ᠬᠠᠮᠤᠷᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ ᠲᠤᠰᠬᠠᠢ ᠮᠡᠷᠭᠡᠵᠢᠯᠲᠡᠨ ᠤ | ᠪᠦᠯᠬᠦᠮ ᠢ ᠵᠣᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠂ ᠴᠢᠳᠠᠪᠤᠷᠢᠲᠠᠨ ᠤ | ᠪᠠᠲᠤᠯᠠᠭ᠎ᠠ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠲᠦᠷᠦᠭᠦᠯᠡᠨ ᠬᠠᠷᠢᠭᠤᠴᠠᠵᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | ᠬᠠᠮᠵᠢᠯᠴᠠᠨ᠎ᠠ﹈ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ | ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ | ᠰᠠᠯᠭᠠᠨ ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ ᠪᠦᠬᠦᠢ | ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ | ᠬᠡᠷᠡᠭᠲᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 2 ᠳ᠋ᠤᠭᠠᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ | |