ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2024︺ 33 ᠳ᠋ᠤᠭᠠᠷ ᠲᠣᠭᠠᠲᠤ | | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠲᠠᠯ᠎ᠠ ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ | ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2023︺ 16 ᠳ᠋ᠤᠭᠠᠷ | ᠲᠣᠭᠠᠲᠤ︶ ᠪᠠ ︽ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ ᠶᠢ ᠳᠡᠮᠵᠢᠬᠦ ᠲᠤᠬᠠᠢ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ︵ᠪᠠᠶᠢᠭᠠᠯᠢ ᠡᠬᠢ ᠵᠠᠬᠢᠳᠠᠯ ︹2024︺ 224 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠢ ᠴᠢᠩᠭ᠎ᠠ ᠠᠳᠬᠤᠨ᠂ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠪᠠᠨ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠣᠷᠣᠨ ᠤ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ | ᠭᠦᠢᠴᠡᠳᠬᠡᠬᠦ ᠪᠠᠨ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠰᠠᠭᠤᠳᠠᠯ ᠤᠳ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ︽ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹2021︺ 7 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶᠠᠨ ᠤ ︽ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠡᠯᠡᠬᠦ ᠨᠤᠲᠤᠭ ᠪᠡᠯᠴᠢᠭᠡᠷ ᠣᠶᠢᠲᠤ ᠭᠠᠵᠠᠷ ᠤᠨ | ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠢ ᠮᠡᠳᠡᠭᠳᠡᠯ︾ ︵ᠥᠪᠥᠷ ᠣᠢ ᠪᠡᠯᠴᠢᠭᠡᠷ ᠪᠡᠯᠴᠢᠭᠡᠷ ᠬᠢᠨᠠᠯᠲᠠ ᠲᠠᠷᠬᠠᠭᠠᠭᠰᠠᠨ | ︹2021︺ 257 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ︽ᠰᠢᠨ᠎ᠡ ᠨᠡᠭᠡᠭᠡᠭᠰᠡᠨ ᠵᠠᠳᠠᠭᠠᠢ ᠠᠭᠤᠷᠬᠠᠢ︾ | ᠭᠡᠳᠡᠭ ᠨᠢ 2021 ᠣᠨ ᠤ 2 ᠳ᠋ᠤᠭᠠᠷ ᠰᠠᠷ᠎ᠠ ᠶᠢᠨ 6 ᠤ ᠡᠳᠦᠷ ᠥᠪᠥᠷ ᠵᠠᠰᠠᠭ ᠠᠯᠪᠠᠨ ᠲᠠᠷᠬᠠᠭᠠᠭᠰᠠᠨ ︹2021︺ 7 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ ᠰᠢᠨ᠎ᠡ ᠬᠤᠳᠠᠯᠳᠤᠨ ᠰᠢᠯᠵᠢᠭᠦᠯᠦᠭᠰᠡᠨ ᠵᠠᠳᠠᠭᠠᠢ ᠠᠷᠭ᠎ᠠ ᠮᠠᠶ᠋ᠢᠭ ᠢᠶᠠᠷ ᠨᠡᠭᠡᠭᠡᠵᠦ ᠮᠠᠯᠲᠠᠭᠰᠠᠨ | ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠲᠠᠢ ᠲᠥᠷᠥᠯ ᠵᠦᠢᠯ ᠢ ᠵᠢᠭᠠᠵᠤ ᠪᠣᠶ︔ ᠥᠪᠥᠷ ᠵᠠᠰᠠᠭ ᠠᠯᠪᠠᠨ ᠲᠠᠷᠬᠠᠭᠠᠭᠰᠠᠨ ︹2021︺ 7 ᠳ᠋ᠤᠭᠠᠷ | ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ ᠨᠢᠭᠡᠨᠲᠡ ᠠᠭᠤᠷᠬᠠᠢ ᠬᠠᠶᠢᠬᠤ ᠡᠷᠬᠡ᠂ ᠠᠭᠤᠷᠬᠠᠢ ᠬᠠᠶᠢᠬᠤ ᠡᠷᠬᠡ ᠪᠠᠨ ᠠᠭᠤᠷᠬᠠᠢ ᠮᠠᠯᠲᠠᠬᠤ ᠡᠷᠬᠡ | ᠪᠣᠯᠭᠠᠨ ᠰᠢᠯᠵᠢᠭᠦᠯᠦᠭᠰᠡᠨ᠂ ᠠᠭᠤᠷᠬᠠᠢ ᠮᠠᠯᠲᠠᠬᠤ ᠡᠷᠬᠡ᠂ ᠡᠰᠡᠬᠦᠯ᠎ᠡ ᠵᠠᠬ᠎ᠠ ᠳᠡᠯᠭᠡᠭᠦᠷ ᠢᠶᠠᠷ ᠬᠤᠳᠠᠯᠳᠤᠨ ᠰᠢᠯᠵᠢᠭᠦᠯᠦᠭᠰᠡᠨ᠂ ᠠᠭᠤᠷᠬᠠᠢ ᠶᠢᠨ ᠡᠬᠢ ᠪᠠᠶᠠᠯᠢᠭ ᠤᠨ | ᠬᠡᠷᠡᠭᠯᠡᠬᠦ ᠡᠷᠬᠡ ᠪᠠᠨ ᠬᠤᠳᠠᠯᠳᠤᠨ ᠰᠢᠯᠵᠢᠭᠦᠯᠦᠭᠰᠡᠨ ᠠᠰᠢᠭ ᠣᠯᠵᠠᠪᠤᠷᠢ ᠶᠢ ᠨᠢ ᠲᠤᠰᠢᠶᠠᠭᠰᠠᠨ ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠪᠠᠶᠢᠴᠠᠭᠠᠵᠤ ᠨᠡᠭᠡᠭᠡᠨ | ᠠᠰᠢᠭᠯᠠᠬᠤ ᠲᠥᠷᠥᠯ ᠵᠦᠢᠯ ᠢ ᠬᠠᠤᠯᠢ ᠶᠣᠰᠣᠭᠠᠷ ᠣᠯᠣᠭᠰᠠᠨ ᠪᠠᠶᠢᠪᠠᠯ᠂ ᠰᠢᠨ᠎ᠡ ᠨᠡᠭᠡᠭᠡᠭᠰᠡᠨ ᠠᠭᠤᠷᠬᠠᠢ ᠪᠠᠷ ᠲᠣᠭᠲᠠᠭᠠᠬᠤ ᠦᠭᠡᠢ︔ ︽ᠨᠤᠲᠤᠭ ᠪᠡᠯᠴᠢᠭᠡᠷ ᠤᠨ | ᠠᠮᠢ ᠠᠬᠤᠢ ᠶᠢᠨ ᠤᠯᠠᠭᠠᠨ ᠱᠤᠭᠤᠮ ᠤᠨ ᠳᠣᠲᠣᠷ᠎ᠠ︾ ᠭᠡᠳᠡᠭ ᠨᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠣᠲᠣᠷᠠᠬᠢ ᠨᠤᠲᠤᠭ ᠪᠡᠯᠴᠢᠭᠡᠷ ᠪᠠ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠠᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠢ ᠵᠢᠭᠠᠵᠤ ᠪᠣᠢ᠂ ᠡᠭᠦᠨ ᠠᠴᠠ ᠪᠤᠰᠤᠳ ᠨᠤᠲᠤᠭ | ᠪᠡᠯᠴᠢᠭᠡᠷ ᠨᠢ ᠡᠩ ᠤᠨ ᠨᠤᠲᠤᠭ ᠪᠡᠯᠴᠢᠭᠡᠷ ᠲᠤ ᠬᠠᠷᠢᠶᠠᠯᠠᠭᠳᠠᠬᠤ ᠪᠣᠯᠬᠤᠷ᠂ ᠨᠤᠲᠤᠭ ᠪᠡᠯᠴᠢᠭᠡᠷ ᠤᠨ ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ | ᠳᠦᠷᠢᠮ ᠢ ᠬᠡᠷᠡᠭᠵᠢᠭᠦᠯᠬᠦ ᠬᠡᠷᠡᠭᠲᠡᠢ᠃ | ᠬᠤᠶᠠᠷ᠂ ᠥᠪᠥᠷ ᠵᠠᠰᠠᠭ ᠠᠯᠪᠠᠨ ᠲᠠᠷᠬᠠᠭᠠᠭᠰᠠᠨ ︹2021︺ 7 ᠳ᠋ᠤᠭᠠᠷ ᠲᠣᠭᠠᠲᠤ ᠶᠢ ᠳᠠᠷᠤᠮᠠᠯᠯᠠᠨ ᠶᠠᠪᠤᠭᠤᠯᠬᠤ ᠠᠴᠠ ᠡᠮᠦᠨ᠎ᠡ ᠨᠢᠭᠡᠨᠲᠡ | ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠲᠣᠬᠢᠷᠠᠭᠤᠯᠤᠭᠠᠳ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠭᠤᠷᠬᠠᠢ ᠪᠠ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠰ ᠤᠨ ᠪᠥᠭᠡᠮᠨᠡᠷᠡᠯ ᠳᠤ ᠴᠢᠬᠤᠯᠠ ᠶᠡᠭᠡ ᠲᠤᠯᠭᠠᠭᠤᠷᠢᠯᠠᠬᠤ ᠦᠢᠯᠡᠳᠦᠯ ᠲᠠᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠲᠥᠷᠥᠯ | ᠵᠦᠢᠯ ︵ᠠᠮᠢ ᠠᠬᠤᠢ ᠣᠷᠴᠢᠨ ᠲᠣᠭᠤᠷᠢᠨ ᠢ ᠶᠡᠭᠡ ᠪᠠᠷ ᠡᠪᠳᠡᠭᠰᠡᠨ᠂ ᠣᠷᠣᠨ ᠨᠤᠲᠤᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠳᠣᠣᠷ᠎ᠠ ᠪᠠᠶᠢᠭ᠎ᠠ | ᠵᠠᠳᠠᠭᠠᠢ ᠨᠡᠭᠡᠭᠡᠨ ᠮᠠᠯᠲᠠᠬᠤ ᠲᠥᠷᠥᠯ ᠵᠦᠢᠯ ᠠᠴᠠ ᠭᠠᠳᠠᠨ᠎ᠠ︶ ᠪᠣᠯᠬᠤ᠂ ᠲᠡᠭᠡᠬᠦ ᠮᠥᠷᠲᠡᠭᠡᠨ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠢ | ᠪᠠᠶᠢᠪᠠᠯ᠂ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠳᠡᠰ ᠳᠠᠷᠠᠭᠠᠯᠠᠯ ᠲᠠᠢ ᠪᠠᠷ ᠠᠬᠢᠭᠤᠯᠵᠤ ᠪᠣᠯᠣᠨ᠎ᠠ᠃ | ᠭᠤᠷᠪᠠ᠂ ᠡᠬᠢ ᠪᠠᠶᠠᠯᠢᠭ ᠢᠶᠠᠨ ᠡᠷᠴᠢᠮᠵᠢᠭᠦᠯᠦᠨ ᠠᠷᠪᠢᠲᠠᠢ ᠠᠰᠢᠭᠯᠠᠬᠤ ᠶᠢ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ | ︵ᠨᠡᠭᠦᠷᠡᠰᠦᠨ ᠤ ᠠᠭᠤᠷᠬᠠᠢ ᠶᠢᠨ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ ᠳᠤ ᠲᠣᠬᠢᠷᠠᠭᠤᠯᠤᠭᠰᠠᠨ ᠨᠡᠭᠦᠷᠡᠰᠦᠨ ᠤ ᠠᠭᠤᠷᠬᠠᠢ ᠶᠢᠨ ᠠᠢ ᠰᠠᠪᠠ ᠶᠢᠨ ᠬᠡᠪᠴᠢᠶ᠎ᠡ | ᠬᠢᠭᠡᠳ ᠲᠣᠬᠢᠷᠠᠭᠤᠯᠤᠭᠠᠳ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠬᠡᠪᠴᠢᠶᠡᠨ ᠳᠠᠬᠢ ᠬᠡᠯᠪᠡᠷᠢ ᠳᠦᠷᠰᠦ ᠨᠢ ᠡᠮᠬᠢ ᠦᠭᠡᠢ᠂ | ᠲᠠᠯᠠᠪᠠᠶ ᠨᠢ ᠨᠡᠯᠢᠶᠡᠳ ᠪᠠᠭ᠎ᠠ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠨᠢ ᠲᠤᠰᠠᠭᠠᠷ ᠬᠤᠪᠢᠶᠠᠷᠢᠯᠠᠬᠤ ᠳᠤ ᠲᠣᠬᠢᠷᠠᠬᠤ ᠦᠭᠡᠢ᠂ ᠭᠡᠪᠡᠴᠦ ᠮᠥᠨ ᠬᠦ | ᠡᠬᠢ ᠪᠠᠶᠠᠯᠢᠭ ᠤᠨ ᠨᠥᠭᠡᠴᠡ ᠲᠠᠢ ᠪᠠᠶᠢᠭ᠎ᠠ ᠬᠤᠭᠤᠰᠤᠨ ᠣᠷᠣᠨ︶ ᠨᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ᠨᠡᠭᠦᠷᠡᠰᠦᠨ ᠤ | ᠦᠢᠷᠡᠮᠡᠭ ᠤᠨ ᠡᠬᠢ ᠪᠠᠶᠠᠯᠢᠭ ᠢ ᠬᠤᠳᠠᠯᠳᠤᠨ ᠰᠢᠯᠵᠢᠭᠦᠯᠬᠦ ᠵᠢᠴᠢ ᠬᠤᠶᠢᠰᠢᠳᠠ ᠡᠷᠬᠢᠨ ᠲᠣᠭᠤᠷᠢᠨ ᠳᠤ ᠨᠢ ᠲᠣᠬᠢᠷᠠᠭᠤᠯᠤᠭᠠᠳ ᠪᠠᠶᠢᠭ᠎ᠠ ᠠᠭᠤᠷᠬᠠᠢ ᠮᠠᠯᠲᠠᠬᠤ ᠡᠷᠬᠡ | ᠯᠦᠭᠡ ᠡᠮᠬᠢᠯᠡᠨ ᠨᠡᠶᠢᠯᠡᠭᠦᠯᠬᠦ ᠭᠠᠷᠳᠠᠮ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠳᠥᠷᠪᠡ᠂ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠭᠤᠷᠬᠠᠢ ᠶᠢᠨ ᠲᠥᠷᠥᠯ ᠵᠦᠢᠯ ᠳᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠳᠠᠬᠢᠵᠤ ᠢᠯᠭᠠᠬᠤ ᠦᠭᠡᠢ᠂ ᠲᠥᠷᠥ ᠲᠠᠷᠬᠠᠭᠠᠭᠰᠠᠨ ︹2023︺ | 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠠᠬᠢ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ | ᠴᠢᠬᠤᠯᠠ ᠶᠡᠭᠡ ᠠᠭᠤᠷᠬᠠᠢ ᠶᠢᠨ ᠡᠬᠢ ᠪᠠᠶᠠᠯᠢᠭ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ︾᠂ | ᠪᠠᠶᠢᠭᠠᠯᠢ ᠡᠬᠢ ᠵᠠᠬᠢᠳᠠᠯ ︹2024︺ 224 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ | ᠶᠣᠰᠣᠭᠠᠷ ᠵᠥᠪᠰᠢᠶᠡᠷᠡᠭᠦᠯᠦᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ | ᠲᠣᠬᠢᠷᠠᠭᠤᠯᠬᠤ ᠶᠢ ᠨᠢ ᠵᠥᠪᠰᠢᠶᠡᠷᠡᠨ᠎ᠡ︾ ᠭᠡᠰᠡᠨ ᠲᠣᠭᠲᠠᠭᠠᠯ ᠶᠣᠰᠣᠭᠠᠷ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ | ᠭᠦᠢᠴᠡᠳᠬᠡᠬᠦ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠬᠡᠷᠡᠭᠲᠡᠢ᠃ | ᠲᠠᠪᠤ᠂ ︽ᠬᠠᠶᠢᠷ ᠴᠢᠯᠠᠭᠤ ᠨᠡᠭᠡᠭᠡᠨ ᠮᠠᠯᠲᠠᠬᠤ ᠬᠠᠮᠢᠶᠠᠷᠤᠯᠲᠠ ᠶᠢ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠠᠷᠬᠠᠭᠠᠭᠰᠠᠨ ︹2023︺ 57 ᠳ᠋ᠤᠭᠠᠷ ᠲᠣᠭᠠᠲᠤ︶᠂ ︽ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠳ ᠤᠨ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ︵ᠪᠠᠶᠢᠭᠠᠯᠢ ᠡᠬᠢ ᠲᠥᠯᠦᠪᠵᠢᠭᠦᠯᠭᠡ | ︹2023︺ 6 ᠳ᠋ᠤᠭᠠᠷ ᠲᠣᠭᠠᠲᠤ︶ ᠳᠠᠬᠢ ᠬᠠᠶᠢᠷ ᠰᠢᠷᠣᠢ ᠶᠢᠨ ᠠᠭᠤᠷᠬᠠᠢ ᠮᠠᠯᠲᠠᠬᠤ ᠡᠷᠬᠡ ᠲᠠᠢ ︽ᠴᠡᠪᠡᠷ ᠠᠭᠤᠷᠬᠠᠢ︾ ᠶᠢ ᠰᠢᠯᠵᠢᠭᠦᠯᠦᠨ ᠬᠤᠳᠠᠯᠳᠤᠬᠤ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠥᠷᠥᠯ ᠵᠦᠢᠯ ᠵᠢᠴᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠬᠠᠶᠢᠷ | ᠰᠢᠷᠣᠢ ᠶᠢᠨ ᠠᠭᠤᠷᠬᠠᠢ ᠨᠢ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠢ ᠪᠠᠶᠢᠪᠠᠯ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ | ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠨᠢ ᠤᠷᠢᠳ ᠢᠶᠠᠷ ᠠᠬᠢᠭᠤᠯᠵᠤ ᠪᠣᠯᠣᠨ᠎ᠠ᠃ | ᠵᠢᠷᠭᠤᠭ᠎ᠠ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠠᠴᠠ ᠪᠡᠯᠡ ᠣᠷᠣᠭᠤᠯᠤᠯᠲᠠ ᠶᠢᠨ ᠮᠠᠷᠭᠤᠯᠳᠤᠭᠠᠨ | ᠡᠭᠦᠰᠦᠭᠰᠡᠨ ᠪᠠᠶᠢᠪᠠᠯ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ ᠮᠠᠶ᠋ᠢᠭ ᠢ ᠬᠡᠷᠡᠭᠯᠡᠨ᠂ ᠳᠡᠰ ᠳᠠᠷᠠᠭᠠᠯᠠᠯ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ | ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ | | 2024 ᠣᠨ ᠤ 7 ᠳ᠋ᠤᠭᠠᠷ ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 7 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | |