ᠦᠢᠷ᠎ᠡ ᠬᠠᠷᠠᠭᠠᠨ ᠤ ᠮᠡᠰᠡ ᠵᠠᠰᠠᠯ ᠬᠢᠵᠦ ᠪᠣᠯᠬᠤ᠂ ᠶᠠᠮᠠᠷ ᠬᠥᠮᠦᠨ ᠬᠢᠵᠤ ᠪᠣᠯᠬᠤ ᠦᠭᠡᠢ ᠭᠡᠳᠡᠭ ᠲᠤ ᠲᠤᠰᠬᠠᠢ ᠮᠡᠷᠭᠡᠵᠢᠯᠳᠡᠨ ᠠᠴᠠ ᠵᠦᠪᠯᠡᠯᠭᠡ | ᠰᠠᠨᠠᠭᠤᠯᠤᠮᠵᠢ ᠦᠭᠬᠦᠭᠰᠡᠨ ᠪᠠᠶᠢᠳᠠᠭ᠃ ᠤᠯᠤᠰ ᠤᠨ ᠨᠢᠭᠡᠳᠦᠯᠲᠡᠶ ᠰᠢᠯᠭᠠᠯᠲᠠ ᠶᠢᠨ ᠳᠠᠷᠠᠭ᠎ᠠ ᠣᠶᠢᠷ᠎ᠠ ᠬᠠᠷᠠᠭ᠎ᠠ ᠶᠢᠨ ᠮᠡᠰᠡ ᠵᠠᠰᠠᠯ ᠬᠢᠬᠦ ᠨᠢ ᠤᠯᠠᠨ ᠬᠦᠮᠦᠰ ᠤᠨ | ᠰᠤᠩᠭᠤᠯᠳᠠ ᠪᠤᠯᠳᠠᠭ ᠤᠨ ᠤᠴᠢᠷ ᠨᠢ ᠡᠨᠡ ᠨᠠᠰᠤᠨ ᠤ ᠦᠶ᠎ᠡ ᠳᠤ ᠬᠥᠮᠦᠨ ᠤ ᠪᠡᠶ᠎ᠡ ᠶᠢᠨ ᠬᠡᠷᠡᠯ ᠤᠨ ᠨᠤᠭᠤᠷᠠᠯᠲᠠ ᠶᠢᠨ ᠪᠠᠶᠢᠳᠠᠯ ᠬᠠᠷᠢᠴᠠᠩᠭᠤᠶ ᠲᠣᠭᠲᠠᠪᠤᠷᠢᠲᠠᠶ | ᠪᠠᠶᠢᠳᠠᠭ ᠠᠴᠠ ᠪᠤᠯᠤᠭᠰᠠᠨ ᠶᠤᠮ᠃ | 18 — 40 ᠨᠠᠰᠤᠨ ᠤ ᠬᠤᠭᠤᠷᠤᠨᠳᠦ ᠪᠣᠯ ᠦᠢᠷ᠎ᠡ ᠬᠠᠷᠠᠭ᠎ᠠ ᠶᠢᠨ ᠮᠡᠰᠡ ᠵᠠᠰᠠᠯ ᠬᠢᠬᠦ ᠳᠤ ᠨᠡᠯᠢᠶᠡᠳ ᠲᠤᠬᠢᠷᠠᠮᠵᠢᠳᠠᠢ ᠬᠤᠭᠤᠴᠠᠭ᠎ᠠ ᠪᠣᠯᠤᠨ᠎ᠠ᠃ | ᠨᠠᠰᠤ ᠬᠡᠲᠦᠷᠬᠡᠶ ᠪᠠᠭ᠎ᠠ ᠪᠤᠯ ᠬᠠᠷᠠᠭᠠᠨ ᠰᠡᠷᠡᠯ ᠤᠨ ᠪᠤᠶᠢᠵᠢᠯᠲᠠ ᠪᠣᠯᠪᠠᠰᠤᠷᠠᠭᠠᠳᠤᠢ ᠪᠠᠶᠢᠵᠤ᠂ ᠨᠠᠰᠤ ᠳᠡᠩᠳᠡᠭᠦᠦ ᠶᠡᠭᠡ ᠪᠤᠯᠪᠠᠯ᠂ ᠦᠢᠷ᠎ᠡ ᠬᠠᠷᠠᠭᠠᠨ ᠤ ᠮᠡᠰᠡ | ᠵᠠᠰᠠᠯ ᠢᠶᠠᠷ ᠡᠳᠡᠭᠡᠷ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠦᠭᠡᠢ ᠪᠤᠯᠳᠠᠭ᠃ | ᠭᠡᠪᠡᠴᠦ ᠡᠮᠴᠢᠯᠡᠭᠡᠨ ᠳᠡᠭᠡᠷ᠎ᠡ᠂ ᠵᠠᠷᠢᠮ ᠪᠠᠶᠢᠳᠠᠯ ᠳᠤ ᠯᠠᠶᠢᠰᠧᠷ ᠢᠶᠠᠷ ᠣᠶᠢᠷ᠎ᠠ ᠬᠠᠷᠠᠭ᠎ᠠ ᠶᠢ ᠵᠠᠰᠠᠵᠤ ᠪᠣᠯᠬᠤ ᠦᠭᠡᠢ᠃ ᠡᠶᠢᠮᠦ ᠠᠴᠠ ᠣᠶᠢᠷ᠎ᠠ ᠬᠠᠷᠠᠭᠠᠨ ᠤ | ᠮᠡᠰᠡ ᠵᠠᠰᠠᠯ ᠬᠢᠬᠦ ᠶᠢ ᠪᠣᠳᠣᠯᠬᠢᠯᠠᠵᠤ ᠪᠠᠶᠢᠭ᠎ᠠ ᠬᠥᠮᠦᠰ ᠤᠷᠢᠳ ᠢᠶᠠᠷ ᠡᠮᠨᠡᠯᠭᠡ ᠳᠤ ᠣᠴᠢᠵᠤ ᠮᠡᠰᠡ ᠵᠠᠰᠠᠯ ᠠᠴᠠ ᠡᠮᠦᠨᠡᠬᠢ ᠪᠠᠶᠢᠴᠠᠭᠠᠯᠲᠠ ᠪᠠ ᠨᠢᠳᠦᠨ ᠤ | ᠬᠡᠰᠡᠭ ᠤᠨ ᠪᠠᠶᠢᠴᠠᠭᠠᠯᠲᠠ ᠬᠢᠵᠦ᠂ ᠮᠡᠰᠡ ᠵᠠᠰᠠᠯ ᠬᠢᠬᠦ ᠳᠤ ᠲᠣᠬᠢᠷᠠᠬᠤ ᠡᠪᠡᠳᠴᠢᠨ ᠪᠠᠶᠢᠪᠠᠯ ᠰᠠᠶ᠋ᠢ ᠮᠡᠰᠡ ᠵᠠᠰᠠᠯ ᠬᠢᠯᠭᠡᠬᠦ ᠬᠡᠷᠡᠭᠳᠡᠢ᠃ | ᠮᠡᠰᠡ ᠵᠠᠰᠠᠯ ᠤᠨ ᠡᠮᠦᠨ᠎ᠡ ᠬᠤᠶᠢᠨ᠎ᠠ ᠡᠮᠴᠢ ᠶᠢᠨ ᠵᠢᠭᠠᠪᠤᠷᠢ ᠶᠢ ᠴᠢᠩᠭ᠎ᠠ ᠰᠠᠬᠢᠵᠤ᠂ ᠨᠢᠳᠦᠨ ᠤ ᠡᠮ ᠢᠶᠠᠨ ᠳᠤᠰᠤᠭᠠᠵᠤ᠂ ᠮᠡᠰᠡ ᠵᠠᠰᠠᠯ ᠤᠨ ᠳᠠᠷᠠᠭᠠᠬᠢ | ᠬᠠᠯᠳᠠᠪᠤᠷᠢᠯᠠᠯ ᠠᠴᠠ ᠰᠡᠷᠭᠡᠶᠢᠯᠡᠵᠦ᠂ ᠬᠠᠷᠠᠭ᠎ᠠ ᠪᠠᠨ ᠰᠡᠷᠭᠦᠭᠡᠬᠦ ᠳᠤ ᠠᠰᠢᠭᠲᠠᠢ ᠪᠣᠯᠭᠠᠨ᠎ᠠ᠃ | ᠮᠡᠰᠡ ᠵᠠᠰᠠᠯ ᠤᠨ ᠳᠠᠷᠠᠭ᠎ᠠ ᠨᠢᠭᠡ ᠭᠠᠷᠠᠭ ᠲᠤ ᠭᠦᠶᠦᠬᠦ᠂ ᠪᠡᠶ᠎ᠡ ᠪᠣᠯᠪᠠᠰᠤᠷᠠᠬᠤ ᠵᠡᠷᠭᠡ ᠲᠠᠮᠢᠷ ᠤᠨ ᠬᠥᠳᠡᠯᠭᠡᠭᠡᠨ ᠢ ᠬᠢᠵᠦ᠂ ᠨᠢᠳᠦ ᠪᠠᠨ ᠨᠤᠬᠤᠯᠠᠬᠤ ᠠᠴᠠ | ᠬᠢᠴᠢᠶᠡᠨ᠎ᠡ᠃ | ᠮᠡᠰᠡ ᠵᠠᠰᠠᠯ ᠤᠨ ᠳᠠᠷᠠᠭ᠎ᠠ 3 ᠰᠠᠷ᠎ᠠ ᠶᠢᠨ ᠳᠣᠲᠣᠷ᠎ᠠ ᠡᠯᠧᠺᠲᠷᠣᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠰᠥᠨᠢᠵᠢᠨ ᠰᠠᠭᠤᠬᠤ ᠠᠴᠠ | ᠵᠠᠶᠢᠯᠠᠰᠭᠢᠪᠡᠯ ᠮᠡᠰᠡ ᠵᠠᠰᠠᠯ ᠤᠨ ᠳᠠᠷᠠᠭ᠎ᠠ ᠤᠶᠢᠷ᠎ᠠ ᠬᠠᠷᠠᠭ᠎ᠠ ᠳᠠᠭᠠᠨ ᠪᠤᠴᠠᠬᠤ ᠪᠤᠶᠤ ᠨᠢᠳᠦ ᠬᠠᠭᠤᠷᠠᠶᠢᠰᠢᠬᠤ ᠠᠴᠠ ᠪᠦᠲᠦᠮᠵᠢᠲᠡᠶ ᠵᠠᠶᠢᠯᠠᠰᠭᠢᠵᠦ ᠴᠢᠳᠠᠨ᠎ᠠ᠃ | ᠮᠡᠰᠡ ᠵᠠᠰᠠᠯ ᠬᠢᠭᠰᠡᠨ ᠤ ᠳᠠᠷᠠᠭ᠎ᠠ ᠨᠢᠳᠦ ᠪᠠᠨ ᠰᠠᠶᠢᠲᠤᠷ ᠬᠠᠮᠠᠭᠠᠯᠠᠬᠤ ᠥᠬᠡᠶ᠂ ᠵᠢᠷᠤᠮᠵᠢᠭᠤᠨ ᠬᠡᠷᠡᠭᠯᠡᠬᠦ ᠥᠬᠡᠶ ᠪᠣᠯ ᠮᠥᠨ ᠯᠡ ᠣᠶᠢᠷ᠎ᠠ ᠬᠠᠷᠠᠭ᠎ᠠ ᠪᠤᠯᠵᠦ | ᠮᠡᠳᠡᠭᠦ ᠠᠶᠤᠯᠳᠠᠢ ᠭᠡᠳᠡᠭ ᠢ ᠲᠤᠰᠬᠠᠢ ᠮᠡᠷᠭᠡᠵᠢᠯᠳᠡᠨ ᠠᠴᠠ ᠰᠠᠨᠠᠭᠤᠯᠵᠠᠢ᠃ | ᠦᠢᠷ᠎ᠡ ᠬᠠᠷᠠᠭᠠᠨ ᠤ ᠮᠡᠰᠡ ᠵᠠᠰᠠᠯ ᠬᠢᠬᠦ ᠳᠤ ᠲᠤᠤᠷᠠᠬᠢ 5 ᠵᠦᠢᠯ ᠤᠨᠴᠠᠭᠠᠢ ᠠᠩᠬᠠᠷᠬᠤ ᠴᠢᠬᠤᠯᠠᠳᠠᠢ | · ᠪᠦᠬᠦᠯᠢ 18 ᠨᠠᠰᠤᠨ ᠠᠴᠠ ᠳᠡᠭᠡᠭᠰᠢ᠃ ᠤᠴᠢᠷ ᠨᠢ 18 ᠨᠠᠰᠤ ᠬᠦᠷᠦᠭᠡᠳᠦᠢ ᠬᠥᠮᠦᠨ ᠤ ᠨᠢᠳᠦᠨ ᠤ ᠪᠦᠲᠦᠴᠡ ᠨᠢ ᠪᠦᠷᠢᠮᠦᠰᠦᠨ ᠲᠣᠭᠲᠠᠪᠤᠷᠢ | ᠦᠭᠡᠢ᠂ ᠡᠶᠢᠮᠦ ᠠᠴᠠ ᠮᠡᠰᠡ ᠵᠠᠰᠠᠯ ᠬᠢᠬᠦ ᠳᠤ ᠲᠣᠬᠢᠷᠠᠬᠤ ᠦᠭᠡᠢ᠃ | · ᠡᠪᠡᠳᠴᠢᠲᠡᠨ ᠡᠨᠡ ᠬᠦ ᠮᠡᠰᠡ ᠵᠠᠰᠠᠯ ᠢᠶᠠᠷ ᠳᠠᠮᠵᠢᠨ ᠦᠢᠷ᠎ᠡ ᠬᠠᠷᠠᠭ᠎ᠠ ᠪᠠᠨ ᠰᠠᠶᠢᠵᠢᠷᠠᠭᠤᠯᠬᠤ ᠬᠦᠰᠡᠯ᠂ ᠰᠡᠳᠭᠢᠴᠡ ᠶᠢᠨ ᠡᠷᠡᠭᠦᠯ ᠮᠡᠨᠳᠦ᠂ ᠮᠡᠰᠡ | ᠵᠠᠰᠠᠯ ᠤᠨ ᠦᠷ᠎ᠡ ᠳ᠋ᠦᠩ ᠳᠤ ᠵᠥᠪ ᠣᠨᠣᠪᠴᠢᠲᠠᠶ ᠵᠢᠱᠢᠯᠲᠡ ᠲᠦᠰᠦᠭᠡᠯᠡᠯ ᠲᠠᠢ ᠪᠠᠶᠢᠬᠤ᠃ | · ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠨᠢ ᠬᠠᠷᠢᠴᠠᠩᠭᠤᠶ ᠲᠣᠭᠲᠠᠪᠤᠷᠢᠲᠠᠶ᠂ ᠲᠤᠬᠠᠶᠢᠯᠠᠪᠠᠯ 2 ᠵᠢᠯ ᠳᠠᠷᠠᠭᠠᠯᠠᠨ ᠵᠢᠯ ᠪᠦᠷᠢ ᠶᠢᠨ ᠣᠶᠢᠷ᠎ᠠ | ᠬᠠᠷᠠᠭ᠎ᠠ ᠶᠢᠨ ᠨᠡᠮᠡᠭᠳᠡᠯ 50 ᠭᠷᠠᠳᠦ᠋ᠰ ᠠᠴᠠ ᠬᠡᠲᠦᠷᠡᠭᠰᠡᠨ ᠦᠭᠡᠢ ᠪᠠᠶᠢᠬᠤ᠃ | · ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠬᠡᠷᠡᠭᠯᠡᠬᠦ ᠪᠠᠨ ᠵᠣᠭᠰᠣᠭᠠᠳ ᠵᠣᠬᠢᠬᠤ ᠬᠤᠭᠤᠴᠠᠭ᠎ᠠ ᠪᠤᠯᠤᠭᠰᠠᠨ᠂ ᠵᠥᠭᠡᠯᠡᠨ ᠴᠢᠨᠠᠷᠲᠠᠶ ᠡᠪᠡᠷᠯᠢᠭ | ᠪᠦᠷᠬᠦᠪᠴᠢ ᠶᠢᠨ ᠬᠦᠷᠦᠯᠴᠡᠬᠦ ᠰᠢᠯ ᠢ ᠵᠡᠭᠦᠬᠦ ᠪᠠᠨ ᠵᠣᠭᠰᠤᠭᠠᠳ ᠨᠢᠭᠡ ᠭᠠᠷᠠᠭ ᠬᠡᠲᠦᠷᠡᠭᠰᠡᠨ᠂ ᠬᠠᠲᠠᠭᠤ ᠴᠢᠨᠠᠷᠲᠠᠶ ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ | ᠵᠡᠭᠦᠬᠦ ᠪᠠᠨ ᠵᠣᠭᠰᠣᠭᠠᠳ ᠨᠢᠭᠡ ᠰᠠᠷ᠎ᠠ ᠬᠡᠲᠦᠷᠡᠭᠰᠡᠨ᠂ ᠡᠪᠡᠷᠯᠢᠭ ᠪᠦᠷᠬᠦᠪᠴᠢ ᠶᠢᠨ ᠰᠦᠯᠢᠶᠣᠣ ᠰᠢᠯ ᠵᠡᠭᠦᠬᠦ ᠪᠠᠨ ᠵᠣᠭᠰᠣᠭᠠᠳ ᠭᠤᠷᠪᠠᠨ ᠰᠠᠷ᠎ᠠ ᠬᠡᠳᠦᠷᠡᠭᠰᠡᠨ ᠪᠠᠶᠢᠬᠤ᠃ | | · ᠬᠢᠷᠢ ᠬᠡᠮ ᠲᠠᠢ ᠡᠮᠴᠢ ᠶᠢᠨ ᠲᠤᠰᠬᠠᠶ ᠮᠡᠷᠭᠡᠵᠢᠯ ᠤᠨ ᠪᠠᠶᠢᠴᠠᠭᠠᠯᠲᠠ ᠪᠠᠷ ᠳᠠᠮᠵᠢᠨ ᠬᠠᠷᠰᠢᠬᠤ ᠬᠡᠮ ᠪᠠᠶᠢᠬᠤ ᠡᠰᠡᠬᠦ ᠶᠢ ᠪᠠᠶᠢᠴᠠᠭᠠᠬᠤ᠃ | ᠯᠠᠶᠢᠰᠧᠷ ᠮᠡᠰᠡ ᠵᠠᠰᠠᠯ ᠳᠤ ᠡᠷᠡᠰ ᠴᠡᠭᠡᠷᠯᠡᠬᠦ ᠡᠪᠡᠳᠴᠢᠨ ᠭᠡᠮ᠄ | ᠱᠣᠪᠣᠭᠤᠷ ᠡᠪᠡᠷᠯᠢᠭ ᠪᠦᠷᠬᠦᠪᠴᠢ᠂ ᠡᠪᠡᠷᠯᠢᠭ ᠪᠦᠷᠬᠦᠪᠴᠢ ᠶᠢᠨ ᠲᠡᠯᠡᠭᠳᠡᠬᠦ ᠴᠢᠨᠠᠷᠲᠠᠶ ᠡᠪᠡᠳᠴᠢᠨ᠃ ᠥᠪᠡᠷ ᠤᠨ ᠪᠡᠶ᠎ᠡ ᠶᠢᠨ ᠴᠠᠷᠤᠯᠲᠠ ᠶᠢᠨ ᠴᠢᠨᠠᠷᠲᠠᠶ | ᠡᠪᠡᠳᠴᠢᠨ᠃ ᠵᠢᠱᠢᠶᠡᠯᠡᠪᠡᠯ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠣᠯᠠᠨ | ᠡᠭᠦᠰᠭᠦ ᠴᠢᠨᠠᠷᠲᠠᠢ ᠬᠠᠲᠠᠭᠤᠷᠠᠯ ᠵᠡᠷᠭᠡ᠃ ᠪᠦᠬᠦ ᠪᠡᠶ᠎ᠡ ᠶᠢᠨ ᠰᠢᠰᠲ᠋ᠧᠮ ᠤᠨ ᠴᠢᠨᠠᠷᠲᠠᠶ ᠪᠤᠶᠤ ᠬᠡᠰᠡᠭ ᠰᠣᠯᠢᠯᠴᠠᠭᠠᠨ ᠤ ᠴᠢᠨᠠᠷᠲᠠᠶ ᠡᠪᠡᠳᠴᠢᠨ᠃ ᠵᠢᠱᠢᠶᠡᠯᠡᠪᠡᠯ ᠬᠦᠨᠳᠦ | ᠨᠣᠴᠢᠲᠠᠢ ᠪᠠᠮᠪᠠᠢ ᠪᠤᠯᠴᠢᠷᠬᠠᠶ ᠶᠢᠨ ᠡᠪᠡᠳᠴᠢᠨ ᠪᠤᠶᠤ ᠪᠠᠮᠪᠠᠢ ᠪᠤᠯᠴᠢᠷᠬᠠᠶ ᠶᠢᠨ ᠠᠵᠢᠯᠯᠠᠭ᠎ᠠ ᠴᠢᠩᠭᠠᠷᠠᠬᠤ ᠴᠢᠨᠠᠷᠲᠠᠶ ᠨᠢᠳᠦ ᠪᠦᠯᠲᠡᠶᠢᠬᠦ᠃ ᠨᠢᠳᠤᠨ ᠬᠡᠰᠡᠭ ᠤᠨ | ᠬᠥᠳᠡᠯᠭᠡᠭᠡᠨᠲᠦ ᠴᠢᠨᠠᠷᠲᠠᠶ ᠡᠪᠡᠳᠴᠢᠨ᠃ ᠵᠢᠱᠢᠶᠡᠯᠡᠪᠡᠯ ᠨᠢᠳᠦᠨ ᠳᠣᠲᠣᠷᠠᠬᠢ ᠬᠠᠯᠳᠠᠪᠤᠷᠢᠯᠠᠯ᠂ ᠡᠪᠡᠷᠯᠢᠭ ᠪᠦᠷᠬᠦᠪᠴᠢ ᠶᠢᠨ ᠬᠠᠯᠳᠠᠪᠤᠷᠢᠯᠠᠯ ᠵᠡᠷᠭᠡ ᠳᠤ ᠬᠠᠯᠳᠠᠪᠤᠷᠢᠯᠠᠯ | ᠪᠤᠶᠤ ᠦᠷᠪᠢᠰᠦᠯ ᠤᠨ ᠬᠤᠭᠤᠴᠠᠭᠠᠨ ᠳᠤ ᠮᠡᠰᠡ ᠵᠠᠰᠠᠯ ᠬᠢᠬᠦ ᠶᠢ ᠴᠠᠭᠠᠵᠠᠯᠠᠨ᠎ᠠ᠃ ᠬᠦᠨᠳᠦ ᠨᠣᠴᠢᠲᠠᠶ ᠴᠠᠭᠠᠨ ᠬᠠᠷᠠᠩ᠂ ᠴᠡᠩᠬᠡᠷ ᠬᠠᠷᠠᠩ ᠡᠪᠡᠳᠴᠢᠨ᠃ ᠳᠡᠭᠡᠷᠡᠬᠢ | ᠪᠠᠶᠢᠳᠠᠯ ᠠᠴᠠ ᠭᠠᠳᠠᠨ᠎ᠠ ᠪᠠᠰᠠ ᠯᠠᠶᠢᠰᠧᠷ ᠮᠡᠰᠡ ᠵᠠᠰᠠᠯ ᠢ ᠬᠠᠷᠢᠴᠠᠩᠭᠤᠢ ᠴᠡᠭᠡᠷᠯᠡᠬᠦ ᠡᠪᠡᠳᠴᠢᠨ ᠬᠡᠮ ᠳᠤ᠂ ᠪᠦᠬᠦᠯᠢ 18 ᠨᠠᠰᠤ ᠬᠦᠷᠦᠭᠡᠳᠦᠢ ᠬᠥᠮᠦᠨ᠂ ᠰᠢᠬᠢᠷ | ᠰᠢᠵᠢᠩ ᠡᠪᠡᠳᠴᠢᠲᠡᠨ᠂ ᠨᠢᠳᠦᠨ ᠤ ᠰᠠᠯᠠᠭᠠᠨ ᠤ ᠮᠡᠰᠡ ᠵᠠᠰᠠᠯ ᠤᠨ ᠲᠡᠦᠬᠡ ᠲᠠᠢ ᠬᠥᠮᠦᠰ᠂ ᠪᠡᠶ᠎ᠡ ᠮᠠᠬᠠᠪᠣᠳ ᠰᠤᠷᠪᠢᠳᠠᠢ ᠬᠦᠮᠦᠰ ᠴᠦ ᠠᠩᠬᠠᠷᠬᠤ ᠴᠢᠬᠤᠯᠠᠳᠠᠢ᠃ | |