ᠰᠠᠶᠢᠨ ᠳᠠᠳᠬᠠᠯ ᠨᠢ ᠰᠠᠶᠢᠳᠤᠷ ᠤᠨᠲᠠᠬᠤ ᠶᠢᠨ ᠰᠠᠭᠤᠷᠢ ︵ᠨᠢᠭᠡ︶
ᠨᠡᠶᠢᠲᠡᠯᠡᠭᠰᠡᠨ ᠴᠠᠭ᠄
2024/11/5
        ᠤᠨᠲᠠᠬᠤ ᠪᠣᠯ ᠠᠮᠢᠳᠤ ᠪᠣᠳᠠᠰ ᠤᠨ ᠬᠤᠪᠢᠰᠤᠯ ᠤᠨ ᠬᠠᠮᠤᠭ ᠤᠨ ᠦᠨᠳᠦᠰᠦᠨ ᠠᠮᠢ ᠨᠠᠰᠤᠨ ᠤ ᠥᠩᠭᠡᠷᠡᠯᠲᠡ ᠪᠠᠶᠢᠵᠤ᠂ ᠬᠥᠮᠥᠨ ᠨᠢᠭᠡ ᠨᠠᠰᠤᠨ ᠤ ᠪᠠᠨ 1/3 ᠴᠠᠭ ᠢ ᠤᠨᠲᠠᠵᠤ ᠥᠩᠭᠡᠷᠡᠭᠡᠳᠡᠭ᠃         ᠪᠠᠶᠢᠴᠠᠭᠠᠯᠲᠠ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠳᠤᠮᠳᠠᠴᠢ ᠤᠨᠲᠠᠬᠤ ᠴᠠᠭ ᠨᠢ 6.75 ᠴᠠᠭ ᠪᠠᠶᠢᠵᠤ᠂ ᠵᠠᠯᠠᠭᠤᠴᠤᠳ ᠢᠯᠠᠩᠭᠤᠶ᠎ᠠ 2000 ᠤᠨ ᠠᠴᠠ ᠰᠡᠬᠦᠯᠡᠷ ᠲᠦᠷᠦᠭᠰᠡᠳ ᠨᠢ ᠰᠦᠨᠢᠵᠢᠨ ᠤᠨᠳᠠᠬᠤ ᠦᠭᠡᠢ ᠬᠦᠮᠦᠰ ᠤᠨ ᠳᠤᠮᠳᠠ ᠶᠡᠭᠡ ᠬᠤᠪᠢ ᠶᠢ ᠡᠵᠡᠯᠡᠬᠦ ᠪᠤᠯᠵᠠᠢ᠃ ᠶᠠᠭᠠᠬᠢᠪᠠᠯ ᠰᠠᠶ᠋ᠢ ᠰᠠᠶᠢᠨ ᠤᠨᠲᠠᠵᠤ᠂ ᠪᠦᠬᠡ ᠨᠦᠢᠷᠰᠤᠵᠤ ᠴᠢᠳᠠᠬᠤ ᠪᠤᠶ︖ ᠡᠯ᠎ᠡ ᠵᠦᠢᠯ ᠤᠨ ᠤᠨᠳᠠᠬᠤ ᠳᠤ ᠳᠤᠰᠠᠯᠠᠬᠤ ᠤᠶᠤᠨᠴᠢ ᠲᠦᠬᠦᠬᠡᠷᠦᠮᠵᠢ ᠨᠢ ᠦᠨᠡᠬᠡᠷ ᠦᠢᠯᠡᠳᠦᠯ ᠲᠠᠢ ᠭᠡᠵᠦ ᠤᠤ︖         ᠤᠨᠲᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ         ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠨᠡᠶᠢᠲᠡᠯᠡᠭᠰᠡᠨ ︽2024 ᠣᠨ ᠤ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠤᠨᠲᠠᠯᠭ᠎ᠠ ᠶᠢᠨ ᠡᠷᠡᠭᠦᠯ ᠮᠡᠨᠳᠦ ᠶᠢᠨ ᠴᠠᠭᠠᠨ ᠭᠠᠳᠠᠷᠲᠤ ᠪᠢᠴᠢᠭ︾  ᠠᠴᠠ ᠦᠵᠡᠪᠡᠯ᠂ ᠪᠠᠶᠢᠴᠠᠭᠠᠭᠳᠠᠭᠰᠠᠨ ᠰᠠᠭᠤᠭᠠᠯᠢ ᠠᠷᠠᠳ ᠤᠨ ᠰᠦᠨᠢ ᠳᠡᠭᠡᠨ ᠰᠡᠷᠢᠬᠦ ᠤᠳᠠᠭ᠎ᠠ ᠨᠢ ᠳᠤᠮᠳᠠᠴᠢ ᠪᠠᠷ 1.4 ᠤᠳᠠᠭ᠎ᠠ ᠪᠠᠶᠢᠵᠤ᠂ ᠳᠤᠮᠳᠠᠴᠢ ᠤᠨᠳᠠᠬᠤ ᠴᠠᠬ ᠨᠢ 6.75 ᠴᠠᠭ ᠬᠦᠷᠴᠦ ᠪᠤᠢ᠃ ᠭᠡᠬᠦ ᠳᠡᠭᠡᠨ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — 2030 ᠣᠨ︶︾ ᠳᠤ᠂ ᠨᠠᠰᠤᠨ ᠳᠤ ᠭᠦᠷᠦᠭᠰᠡᠳ ᠡᠳᠦᠷ ᠳᠤᠮᠳᠠᠴᠢ ᠪᠠᠷ 7 — 8 ᠴᠠᠭ ᠤᠨᠳᠠᠪᠠᠯ ᠵᠣᠬᠢᠨ᠎ᠠ ᠭᠡᠵᠦ ᠰᠠᠨᠠᠭᠠᠴᠢᠯᠠᠵᠠᠢ᠃         ︽ᠳᠤᠮᠳᠠᠳᠤ ᠤᠯᠤᠰ ᠤᠨ ᠤᠨᠲᠠᠯᠭ᠎ᠠ ᠶᠢᠨ ᠰᠤᠳᠤᠯᠭᠠᠨ ᠤ ᠮᠡᠳᠡᠭᠦᠯᠦᠯᠲᠡ 2024︾ ᠶᠢ ᠦᠨᠳᠦᠰᠦᠯᠡᠪᠡᠯ᠂ ᠳᠤᠮᠳᠠᠳᠤ ᠤᠯᠤᠰ ᠤᠨ ᠰᠠᠭᠤᠭᠠᠯᠢ ᠠᠷᠠᠳ ᠤᠨ 2023 ᠣᠨ ᠤ ᠤᠨᠲᠠᠯᠭ᠎ᠠ ᠶᠢᠨ ᠵᠢᠭᠠᠯᠲᠠ ᠲᠤᠭ᠎ᠠ 62.61 ᠪᠠᠶᠢᠵᠤ᠂ ᠣᠶᠢᠷ᠎ᠠ ᠶᠢᠨ 3 ᠵᠢᠯ ᠤᠨ ᠲᠤᠷᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠡᠢ᠃ ᠡᠭᠦᠨ ᠤ ᠬᠠᠮᠲᠤ ᠪᠠᠶᠢᠴᠠᠭᠠᠭᠳᠠᠭᠴᠢ ᠶᠢᠨ ᠤᠨᠲᠠᠯᠭ᠎ᠠ ᠶᠢᠨ ᠴᠢᠨᠠᠷ ᠴᠢᠨᠰᠠᠭ᠎ᠠ ᠮᠠᠭᠤ᠂ ᠤᠨᠲᠠᠬᠤ ᠡᠮ ᠬᠡᠷᠡᠭᠯᠡᠬᠦ ᠨᠢ ᠤᠯᠠᠮ ᠢᠯᠡᠬᠦᠳᠡᠭᠰᠡᠨ ᠵᠡᠷᠭᠡ ᠪᠠᠶᠢᠳᠠᠯ ᠢᠯᠡᠷᠡᠵᠡᠢ᠃         ᠤᠨᠳᠠᠯᠭ᠎ᠠ ᠶᠢᠨ ᠶᠠᠰᠤ ᠴᠢᠨᠠᠷ ᠮᠠᠭᠤᠳᠠᠬᠰᠠᠨ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ︖ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠭᠡᠮ ᠤᠨ ᠤᠬᠠᠭᠠᠨ ᠤ ᠰᠤᠳᠤᠯᠭᠠᠨ ᠤ ᠭᠠᠵᠠᠷ ᠤᠨ ᠨᠡᠶᠢᠭᠡᠮ ᠤᠨ ᠰᠡᠳᠬᠢᠴᠡ ᠵᠦᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠸᠠᠩ ᠵᠢᠶᠦ᠋ᠨ ᠰᠢᠤ ᠶᠢᠨ ᠦᠵᠡᠬᠦ ᠪᠠᠷ᠂ ᠢᠨᠲ᠋ᠧᠷ ᠰᠦᠯᠵᠢᠶ᠎ᠡ᠂ ᠭᠠᠷ ᠤᠲᠠᠰᠤᠨ ᠳᠤ ᠲᠦᠰᠢᠭᠯᠡᠬᠦ ᠪᠣᠯ ᠭᠤᠣᠯ ᠰᠢᠯᠲᠠᠭᠠᠨ ᠤ ᠨᠢᠭᠡ ᠮᠥᠨ ᠭᠡᠵᠠᠢ᠃         ᠬᠤᠯᠪᠣᠭᠳᠠᠯ ᠪᠦᠬᠦᠢ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠢᠨᠲ᠋ᠧᠷ ᠰᠦᠯᠵᠢᠶ᠎ᠡ ᠲᠠᠢ ᠬᠤᠯᠪᠣᠭᠳᠠᠭᠰᠠᠨ ᠠᠵᠢᠯ ᠲᠦᠷᠦᠯ ᠤᠨ ᠬᠦᠮᠦᠰ ᠤᠨ ᠰᠥᠨᠢ ᠪᠦᠷᠢ ᠶᠢᠨ ᠳᠤᠮᠳᠠᠴᠢ ᠤᠨᠲᠠᠬᠤ ᠴᠠᠭ ᠤᠨ ᠣᠷᠳᠣ ᠨᠢ 8 ᠴᠠᠭ ᠪᠤᠶᠤ 8 ᠴᠠᠭ ᠠᠴᠠ ᠳᠡᠭᠡᠭᠰᠢ ᠪᠠᠶᠢᠬᠤ ᠬᠠᠷᠢᠴᠠᠯ ᠨᠢ ᠴᠥᠮ 50% ᠠᠴᠠ ᠳᠣᠣᠷ᠎ᠠ ᠪᠠᠶᠢᠳᠠᠭ︔ 56%  ᠶᠢᠨ ᠣᠶᠤᠲᠠᠳ ᠡᠳᠦᠷ ᠪᠦᠷᠢ 8 ᠴᠠᠭ ᠠᠴᠠ ᠢᠯᠡᠭᠦᠦ ᠭᠠᠷ ᠤᠲᠠᠰᠤ ᠬᠡᠷᠡᠭᠯᠡᠵᠦ ᠪᠠᠶᠢᠬᠤ ᠪᠥᠭᠡᠳ 52% ᠤᠨ ᠬᠥᠮᠥᠰ ᠲᠡᠭ ᠴᠠᠭ ᠠᠴᠠ ᠰᠡᠭᠦᠯᠡᠷ ᠤᠨᠲᠠᠵᠤ ᠪᠠᠶᠢᠨ᠎ᠠ᠃         ︽ᠺᠣᠮᠫᠢᠦ᠋ᠲ᠋ᠧᠷ᠂ ᠭᠠᠷ ᠤᠲᠠᠰᠤ ᠵᠡᠷᠭᠡ ᠡᠯᠧᠺᠲᠷᠣᠨ ᠲᠥᠬᠦᠭᠡᠷᠦᠮᠵᠢ ᠶᠢᠨ ᠲᠦᠭᠡᠮᠡᠯᠵᠢᠬᠦ ᠶᠢ ᠳᠠᠭᠠᠯᠳᠤᠨ᠂ ᠬᠥᠮᠥᠰ ᠤᠨᠲᠠᠬᠤ ᠠᠴᠠ ᠪᠠᠨ ᠡᠮᠦᠨ᠎ᠡ ᠬᠥᠬᠡ ᠭᠡᠷᠡᠯ ᠵᠡᠷᠭᠡ ᠰᠡᠳᠦᠯᠲᠡ ᠶᠢᠨ ᠴᠢᠨᠠᠷᠲᠠᠢ ᠭᠡᠷᠡᠯ ᠡᠭᠦᠰᠬᠡᠭᠴᠢ ᠶᠢᠨ ᠨᠦᠯᠦᠬᠡᠯᠡᠯ ᠢ ᠬᠦᠷᠳᠡᠵᠦ᠂ ᠠᠮᠢᠳᠤ ᠪᠣᠳᠠᠰ ᠤᠨ ᠴᠠᠭ ᠬᠠᠷᠰᠢᠯᠠᠭᠳᠠᠬᠤ ᠶᠢᠨ ᠬᠠᠮᠲᠤ ᠡᠯᠧᠺᠲᠷᠣᠨ ᠲᠥᠬᠦᠭᠡᠷᠦᠮᠵᠢ ᠳᠤ ᠬᠡᠲᠦᠷᠬᠡᠢ ᠰᠢᠨᠤᠪᠠᠯ ᠤᠶᠤᠨ ᠰᠠᠨᠠᠭᠠᠨ ᠤ ᠲᠠᠯ᠎ᠠ ᠪᠠᠷ ᠨᠠᠶᠢᠳᠠᠮᠠᠲᠠᠭᠠᠶ ᠪᠣᠯᠳᠠᠭ᠂ ᠡᠨᠡ ᠨᠢ ᠪᠠᠰᠠ ᠤᠨᠲᠠᠬᠤ ᠳᠤ ᠬᠦᠴᠢᠷᠳᠡᠬᠦ ᠪᠤᠶᠤ ᠤᠨᠲᠠᠬᠤ ᠬᠡᠮᠨᠡᠯ ᠠᠯᠳᠠᠬᠳᠠᠬᠤ ᠠᠰᠠᠭᠤᠳᠠᠯ ᠢ ᠡᠭᠦᠰᠬᠡᠳᠡᠭ︾ ᠭᠡᠵᠦ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠵᠢᠷᠭᠤᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠯᠦ ᠯᠢᠨ ᠶᠠᠷᠢᠯ᠎ᠠ᠃         ᠰᠦᠯᠵᠢᠶᠡᠨ ᠳᠤ ᠨᠠᠶᠢᠳᠠᠬᠤ ᠵᠡᠷᠭᠡ ᠮᠠᠭᠤ ᠳᠠᠳᠬᠠᠯ ᠠᠴᠠ ᠭᠠᠳᠠᠨ᠎ᠠ᠂ ᠤᠷᠮ᠎ᠠ ᠰᠡᠳᠬᠢᠯᠭᠡ ᠪᠣᠯᠣᠨ ᠳᠠᠷᠤᠯᠲᠠ ᠨᠢ ᠴᠦ ᠤᠨᠲᠠᠬᠤ ᠳᠤ ᠬᠠᠷᠰᠢ ᠰᠠᠭᠠᠳ ᠪᠣᠯᠳᠠᠭ᠃         ︽ᠬᠠᠭᠠᠰ ᠢᠯᠡᠭᠦᠦ ᠲᠣᠭᠠᠨ ᠤ ᠡᠪᠡᠳᠴᠢᠲᠡᠨ ᠨᠢ ᠴᠥᠮ ᠰᠡᠳᠬᠢᠴᠡ ᠶᠢᠨ ᠰᠢᠯᠲᠠᠭᠠᠨ ᠠᠴᠠ ᠪᠣᠯᠤᠭᠰᠠᠨ ᠤᠨᠲᠠᠯᠭ᠎ᠠ ᠶᠢᠨ ᠰᠠᠭᠠᠲᠠᠯ ᠲᠠᠢ ᠪᠣᠯᠤᠭᠰᠠᠨ ᠪᠠᠶᠢᠵᠤ ᠮᠡᠳᠡᠨ᠎ᠡ︾ ᠭᠡᠵᠦ ᠱᠠᠩᠬᠠᠢ ᠶᠢᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠯᠦᠩ ᠬᠤᠸᠠ ᠡᠮᠨᠡᠯᠭᠡ ᠶᠢᠨ ᠬᠤᠷᠢᠶᠠᠨ ᠤ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠡᠮᠴᠢ ᠲᠠᠩ ᠺᠠᠩ ᠮᠢᠨ ᠲᠠᠨᠢᠯᠴᠠᠭᠤᠯᠬᠤ ᠶᠢᠨ ᠬᠠᠮᠳᠤ᠂ ᠨᠦᠢᠷ ᠬᠤᠯᠵᠢᠬᠤ ᠶᠢᠨ ᠰᠢᠯᠲᠠᠭᠠᠨ ᠨᠢ ᠤᠳᠤᠮᠯᠠᠯ ᠵᠡᠷᠭᠡ ᠲᠥᠷᠥᠯᠬᠢ ᠰᠢᠯᠲᠠᠭᠠᠨ ᠠᠴᠠ ᠭᠠᠳᠠᠨ᠎ᠠ ᠪᠠᠰᠠ ᠳᠠᠷᠤᠯᠲᠠ ᠶᠡᠭᠡ᠂ ᠰᠡᠳᠬᠢᠴᠡ ᠶᠢᠨ ᠵᠣᠪᠠᠨᠢᠯ ᠵᠡᠷᠭᠡ ᠠᠴᠠ ᠪᠤᠯᠳᠠᠭ ᠭᠡᠵᠦ ᠪᠠᠶᠢᠯ᠎ᠠ᠃         ᠤᠨᠳᠠᠵᠤ ᠤᠷᠤᠬᠤ ᠦᠭᠡᠢ ᠪᠤᠯ ᠶᠠᠭᠠᠬᠢᠪᠠᠯ ᠵᠤᠬᠢᠬᠤ ᠪᠤᠢ︖         ︽ᠮᠠᠨ ᠤ ᠤᠯᠤᠰ ᠤᠨ ᠤᠨᠲᠠᠯᠭ᠎ᠠ ᠶᠢᠨ ᠠᠨᠠᠭᠠᠬᠤ ᠤᠬᠠᠭᠠᠨ ᠨᠡᠯᠢᠶᠡᠳ ᠣᠷᠣᠢ ᠡᠬᠢᠯᠡᠭᠰᠡᠨ ᠪᠥᠭᠡᠳ ᠣᠳᠣᠬᠠᠨ ᠳᠤ ᠥᠨᠳᠥᠷ ᠬᠢᠷᠢ ᠬᠡᠮᠵᠢᠶᠡᠨ ᠤ ᠤᠨᠲᠠᠯᠭ᠎ᠠ ᠶᠢᠨ ᠠᠨᠠᠭᠠᠬᠤ ᠤᠬᠠᠭᠠᠨ ᠤ ᠴᠢᠳᠠᠪᠤᠷᠢᠲᠠᠨ ᠮᠥᠨ ᠬᠦ ᠨᠡᠯᠢᠶᠡᠳ ᠴᠥᠭᠡᠨ ᠪᠠᠶᠢᠨ᠎ᠠ︾ ᠭᠡᠵᠦ ᠯᠦ ᠯᠢᠨ ᠶᠠᠷᠢᠬᠤ ᠶᠢᠨ ᠲᠠᠭᠠᠤ᠂ ᠢᠷᠡᠭᠡᠳᠦᠢ ᠳᠤ ᠤᠨᠲᠠᠯᠭ᠎ᠠ ᠶᠢᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠮᠡᠳᠡᠷᠡᠯ ᠤᠨ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠠᠮᠢᠰᠬᠤᠯ ᠤᠨ ᠰᠠᠯᠠᠭ᠎ᠠ ᠵᠡᠷᠭᠡ ᠣᠯᠠᠨ ᠲᠤᠰᠬᠠᠢ ᠮᠡᠷᠭᠡᠵᠢᠯ ᠲᠠᠢ ᠬᠠᠮᠲᠤ ᠪᠠᠷ ᠰᠣᠯᠢᠯᠴᠠᠬᠤ ᠪᠠᠷ ᠳᠠᠮᠵᠢᠭᠤᠯᠤᠨ᠂ ᠤᠨᠲᠠᠯᠭ᠎ᠠ ᠶᠢᠨ ᠡᠭᠦᠰᠦᠯᠲᠡ ᠶᠢᠨ ᠬᠥᠭᠵᠢᠯᠲᠡ ᠶᠢᠨ ᠲᠣᠭᠲᠠᠴᠠ ᠶᠢ ᠭᠦᠨᠵᠡᠭᠡᠢ ᠰᠤᠳᠤᠯᠵᠤ᠂ ᠰᠢᠨ᠎ᠡ ᠬᠡᠯᠪᠡᠷᠢ ᠶᠢᠨ ᠭᠠᠷ ᠲᠦᠷᠦᠭᠦ ᠠᠷᠭ᠎ᠠ ᠪᠣᠳᠣᠯᠭ᠎ᠠ ᠶᠢ ᠨᠡᠭᠡᠭᠡᠨ ᠬᠥᠭᠵᠢᠭᠦᠯᠵᠦ᠂ ᠡᠪᠡᠳᠴᠢᠲᠡᠨ ᠳᠤ ᠨᠠᠩ ᠰᠠᠶᠢᠨ ᠦᠢᠯᠡᠴᠢᠯᠡᠬᠦ ᠬᠡᠷᠡᠭᠲᠡᠢ ᠭᠡᠵᠡᠢ᠃         ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠤᠯᠤᠰ ᠲᠤ ᠨᠢᠭᠡᠨᠲᠡ ᠮᠠᠰᠢ ᠣᠯᠠᠨ ᠡᠮᠨᠡᠯᠭᠡ ᠶᠢᠨ ᠬᠤᠷᠢᠶ᠎ᠠ ᠪᠠ ᠶᠡᠭᠡ ᠳᠡᠭᠡᠳᠦ ᠰᠤᠷᠭᠠᠭᠤᠯᠢ ᠳᠤ ᠤᠨᠲᠠᠬᠤ ᠲᠥᠪ᠂ ᠤᠨᠲᠠᠬᠤ ᠶᠢ ᠬᠢᠨᠠᠨ ᠬᠡᠮᠵᠢᠬᠦ ᠲᠠᠰᠤᠭ᠂ ᠤᠨᠲᠠᠯᠭ᠎ᠠ ᠶᠢᠨ ᠡᠭᠦᠳᠡᠨ ᠡᠮᠨᠡᠯᠭᠡ ᠵᠡᠷᠭᠡ ᠶᠢ ᠪᠠᠶᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠠᠵᠢᠯ ᠲᠥᠷᠥᠯ ᠤᠨ ᠳᠣᠲᠣᠷ᠎ᠠ ᠪᠠᠨ ᠨᠢᠭᠡᠨᠲᠡ ︽ᠳᠤᠮᠳᠠᠳᠤ ᠤᠯᠤᠰ ᠤᠨ ᠨᠦᠢᠷ ᠬᠤᠯᠵᠢᠬᠤ ᠰᠠᠭᠠᠳ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠦᠭᠯᠡᠭᠦᠷ︾᠂ ︽ᠳᠤᠮᠳᠠᠳᠤ ᠤᠯᠤᠰ ᠤᠨ ᠤᠨᠲᠠᠯᠭ᠎ᠠ ᠶᠢᠨ ᠠᠨᠠᠭᠠᠬᠤ ᠤᠬᠠᠭᠠᠨ ᠤ ᠲᠥᠪ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠵᠡᠷᠭᠡ ᠶᠢ ᠨᠠᠶᠢᠷᠠᠭᠤᠯᠤᠨ ᠵᠣᠬᠢᠶᠠᠪᠠ᠃ ︽ᠤᠨᠲᠠᠯᠭ᠎ᠠ ᠶᠢᠨ ᠠᠰᠠᠭᠤᠳᠠᠯ ᠲᠠᠢ ᠡᠪᠡᠳᠴᠢᠳᠠᠨ ᠳᠤ ᠡᠮᠨᠡᠯᠬᠡ ᠶᠢᠨ ᠬᠤᠷᠢᠶᠠᠨ ᠳᠤ ︿ᠤᠨᠲᠠᠯᠭ᠎ᠠ ᠶᠢᠨ ᠰᠠᠯᠠᠭ᠎ᠠ﹀ ᠪᠠᠶᠢᠬᠤ ᠶᠢ ᠮᠡᠳᠡᠭᠦᠯᠵᠦ᠂ ᠤᠨᠲᠠᠯᠭ᠎ᠠ ᠶᠢᠨ ᠠᠨᠠᠭᠠᠬᠤ ᠤᠬᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︾ ᠭᠡᠵᠦ ᠯᠦ ᠯᠢᠨ ᠬᠡᠯᠡᠪᠡ᠃         ︽ᠶᠠᠳᠠᠷᠠᠯ︾ ᠳᠤ ᠨᠢᠭᠤᠬᠳᠠᠬᠰᠠᠨ ᠬᠤᠳᠠᠯᠳᠤᠭᠠᠨ ᠤ ᠲᠣᠬᠢᠶᠠᠯ         ᠤᠶᠤᠨᠯᠢᠬ ᠳᠡᠪᠢᠰᠬᠡᠷ᠂ ᠤᠨᠲᠠᠭᠤᠯᠬᠤ ᠬᠡᠮᠵᠢᠭᠦᠷᠯᠢᠭ᠂ ᠤᠨᠲᠠᠭᠤᠯᠬᠤ ᠳᠠᠭᠤᠤ ᠬᠥᠭᠵᠢᠮ᠂ ᠤᠨᠲᠠᠯᠭ᠎ᠠ ᠶᠢ ᠬᠢᠨᠠᠨ ᠬᠡᠮᠵᠢᠬᠦ APP ᠁ ᠵᠡᠷᠭᠡ ᠡᠯ᠎ᠡ ᠲᠥᠷᠥᠯ ᠤᠨ ᠤᠨᠲᠠᠭᠤᠯᠬᠤ ᠪᠦᠲᠦᠭᠡᠭᠳᠡᠬᠦᠨ ᠮᠠᠰᠢ ᠤᠯᠠᠨ ᠪᠠᠶᠢᠳᠠᠭ᠃ ᠪᠦᠷᠢᠳᠬᠡᠯ ᠢ ᠦᠨᠳᠦᠰᠦᠯᠡᠪᠡᠯ᠂ 2016 — 2020 ᠣᠨ ᠪᠣᠯᠲᠠᠯ᠎ᠠ᠂ ᠳᠤᠮᠳᠠᠳᠤ ᠤᠯᠤᠰ ᠤᠨ ᠤᠨᠲᠠᠯᠭ᠎ᠠ ᠶᠢᠨ ᠠᠵᠤ ᠠᠬᠤᠢ ᠶᠢᠨ ᠪᠦᠬᠦᠯᠢ ᠴᠣᠭᠴᠠ ᠶᠢᠨ ᠬᠡᠪᠴᠢᠶ᠎ᠡ 2600 ᠭᠠᠷᠤᠢ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 3700 ᠭᠠᠷᠤᠢ ᠳ᠋ᠦᠩᠰᠢᠭᠤᠷ ᠲᠥᠭᠦᠷᠢᠭ ᠲᠤ ᠬᠦᠷᠴᠡᠢ︔ ᠣᠳᠣᠬᠠᠨ ᠳᠤ ᠳᠤᠮᠳᠠᠳᠤ ᠤᠯᠤᠰ ᠲᠤ ᠪᠠᠶᠢᠭ᠎ᠠ ᠤᠨᠳᠠᠯᠭ᠎ᠠ ᠲᠠᠢ ᠬᠤᠯᠪᠤᠭ᠎ᠠ ᠪᠦᠬᠦᠢ ᠠᠵᠤ ᠠᠬᠤᠶᠢᠯᠠᠯ ᠤᠨ ᠳᠤᠭ᠎ᠠ 9000 ᠶᠢ ᠳᠠᠪᠠᠵᠤ᠂ ᠡᠬᠦᠨ ᠳᠤ ᠤᠯᠠᠩᠬᠢ ᠨᠢ ᠤᠷᠴᠢᠮ ᠤᠨ 1 ᠠᠴᠠ 5 ᠵᠢᠯ ᠤᠨ ᠳᠤᠳᠤᠷ᠎ᠠ ᠪᠠᠶᠢᠭᠤᠯᠤᠬᠳᠠᠬᠰᠠᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ