2024 ᠣᠨ ᠳᠤ᠂ ᠵᠦᠩ ᠨᠠᠨ ᠶᠡᠭᠡ ᠰᠤᠷᠭᠠᠭᠤᠯᠢ ᠶᠢᠨ ᠰᠢᠶᠠᠩ ᠶᠠ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ | ᠰᠤᠳᠤᠯᠭᠠᠲᠠᠳ ︽ᠤᠨᠲᠠᠯᠭ᠎ᠠ ᠶᠢᠨ ᠠᠨᠠᠭᠠᠬᠤ ᠤᠬᠠᠭᠠᠨ︾ ᠰᠡᠳᠬᠦᠯ ᠳᠡᠭᠡᠷ᠎ᠡ ︽ᠭᠠᠷᠠᠭ ᠤᠨ ᠰᠡᠭᠦᠯᠴᠢ ᠪᠠᠷ ᠨᠦᠢᠷ ᠨᠥᠬᠦᠬᠦ ᠪᠠ ᠭᠠᠩᠰᠠᠷᠠᠬᠤ ᠬᠡᠮ ᠤᠨ | ᠬᠤᠭᠤᠷᠣᠨᠳᠣᠬᠢ ᠬᠠᠷᠢᠴᠠᠭ᠎ᠠ︾ ᠭᠡᠬᠦ ᠨᠢᠭᠡᠨ ᠰᠤᠳᠤᠯᠭᠠᠨ ᠢ ᠨᠡᠶᠢᠲᠡᠯᠡᠪᠡ᠃ ᠡᠨᠡ ᠬᠦ 5000 ᠭᠠᠷᠤᠶ ᠬᠥᠮᠦᠨ ᠳᠤ ᠬᠤᠯᠪᠣᠭᠳᠠᠬᠰᠠᠨ ᠰᠤᠳᠤᠯᠭᠠᠨ ᠠᠴᠠ ᠤᠯᠵᠤ | ᠮᠡᠳᠡᠭᠰᠡᠨ ᠢᠶᠠᠷ᠂ ᠠᠵᠢᠯᠯᠠᠬᠤ ᠡᠳᠦᠷ ᠤᠳ ᠲᠤ ᠨᠦᠢᠷ ᠬᠦᠷᠦᠯᠴᠡᠬᠦ ᠥᠬᠡᠶ ᠪᠠᠶᠢᠭ᠎ᠠ ᠬᠦᠮᠦᠰ ᠲᠤ ᠠᠪᠴᠤ ᠬᠡᠯᠡᠪᠡᠯ᠂ ᠭᠠᠷᠠᠭ ᠤᠨ ᠰᠡᠭᠦᠯᠴᠢ ᠳᠤ ᠨᠦᠢᠷ ᠨᠥᠬᠦᠪᠡᠯ | ᠭᠠᠩᠰᠠᠷᠠᠬᠤ ᠬᠡᠮ ᠳᠤ ᠨᠡᠷᠪᠡᠭᠳᠡᠬᠦ ᠲᠦᠭᠰᠢᠭᠦᠷᠢ ᠢᠯᠡᠳᠲᠡ ᠪᠠᠭᠤᠷᠠᠵᠦ ᠪᠤᠢ᠃ ᠢᠯᠠᠩᠭᠤᠶ᠎ᠠ ᠠᠵᠢᠯᠯᠠᠬᠤ ᠡᠳᠦᠷ ᠤᠳ ᠲᠤ ᠨᠦᠢᠷ ᠬᠦᠷᠦᠯᠴᠡᠬᠦ ᠥᠬᠡᠶ ︵ | ᠤᠨᠲᠠᠬᠤ ᠨᠢ 7 ᠴᠠᠭ ᠠᠴᠠ ᠪᠠᠭ᠎ᠠ︶ ᠪᠠᠶᠢᠭ᠎ᠠ ᠣᠷᠣᠯᠴᠠᠭᠴᠢ ᠶᠢᠨ ᠲᠤᠳᠤᠷᠠᠬᠢ ᠬᠦᠮᠦᠨ ᠢ ᠭᠠᠷᠠᠭ ᠤᠨ ᠰᠡᠭᠦᠯᠴᠢ ᠳᠤ ᠨᠦᠢᠷ ᠨᠥᠬᠦᠬᠦ ᠥᠬᠡᠶ ᠬᠥᠮᠦᠨ ᠲᠠᠢ | ᠬᠠᠷᠢᠴᠠᠭᠤᠯᠪᠠᠯ᠂ ᠭᠠᠷᠠᠭ ᠤᠨ ᠰᠡᠭᠦᠯᠴᠢ ᠳᠤ ᠨᠦᠢᠷ ᠨᠦᠬᠦᠭᠰᠡᠨ ᠬᠥᠮᠦᠨ ᠤ ᠭᠠᠩᠰᠠᠷᠠᠬᠤ ᠬᠡᠮ ᠤᠯᠬᠤ ᠲᠦᠭᠰᠢᠭᠦᠷᠢ ᠨᠢ 34 % ᠪᠠᠷ ᠪᠠᠭᠤᠷᠠᠬᠰᠠᠨ ᠪᠠᠶᠢᠨ᠎ᠠ᠃ | ᠡᠨᠡ ᠨᠢ ᠭᠠᠷᠠᠭ ᠤᠨ ᠰᠡᠭᠦᠯᠴᠢ ᠳᠤ ᠠᠯᠵᠠᠭᠤᠷᠠᠨ ᠤᠨᠲᠠᠬᠤ ᠨᠢ ᠰᠡᠳᠬᠢᠴᠡ ᠶᠢᠨ ᠪᠠᠶᠢᠳᠠᠯ ᠢ ᠲᠣᠬᠢᠷᠠᠭᠤᠯᠬᠤ ᠰᠠᠨᠠᠭᠠᠴᠢᠯᠠᠭᠠᠲᠤ ᠠᠷᠭ᠎ᠠ ᠪᠣᠳᠣᠯᠭ᠎ᠠ ᠪᠣᠯᠬᠤ ᠶᠢ | ᠬᠠᠷᠠᠭᠤᠯᠵᠤ ᠪᠤᠢ᠃ ᠰᠤᠳᠤᠯᠭᠠᠲᠠᠳ᠄ ᠬᠡᠷᠪᠡ ᠡᠩ ᠤᠨ ᠴᠠᠭ ᠲᠤ ᠪᠠᠭ᠎ᠠ ᠤᠨᠲᠠᠪᠠᠯ᠂ ᠭᠠᠷᠠᠭ ᠤᠨ ᠰᠡᠭᠦᠯᠴᠢ ᠳᠤ ᠨᠦᠢᠷ ᠨᠥᠬᠦᠬᠦ ᠪᠠᠷ ᠳᠡᠮᠵᠢᠨ ᠭᠠᠩᠰᠠᠷᠠᠬᠤ | ᠪᠠᠶᠢᠳᠠᠯ ᠢ ᠰᠠᠶᠢᠵᠢᠷᠠᠭᠤᠯᠵᠤ ᠪᠣᠯᠤᠨ᠎ᠠ ᠭᠡᠵᠦ ᠬᠡᠯᠡᠪᠡ᠃ | ᠠᠵᠢᠯᠯᠠᠬᠤ ᠡᠳᠦᠷ ᠤᠳ ᠲᠤ ᠤᠨᠲᠠᠬᠤ ᠴᠠᠭ ᠨᠢ 6 ᠴᠠᠭ ᠠᠴᠠ ᠪᠠᠭ᠎ᠠ ᠪᠠᠶᠢᠭ᠎ᠠ ᠬᠥᠮᠦᠨ ᠳᠤ ᠠᠪᠴᠤ ᠬᠡᠯᠡᠪᠡᠯ᠂ ᠭᠠᠷᠠᠭ ᠤᠨ ᠰᠡᠭᠦᠯᠴᠢ ᠪᠠᠷ ᠢᠯᠡᠭᠦᠦ 2 | ᠴᠠᠭ ᠤᠨᠳᠠᠵᠤ ᠨᠦᠢᠷ ᠨᠥᠬᠦᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠡᠮᠭᠡᠭ ᠤᠨ ᠲᠦᠭᠰᠢᠭᠦᠷᠢ ᠶᠢ 70 % ᠪᠠᠷ ᠪᠠᠭᠤᠷᠠᠭᠤᠯᠬᠤ ᠪᠤᠯᠤᠨ᠎ᠠ᠃ ᠠᠳᠠᠯᠢ | ᠪᠤᠰᠤ ᠬᠡᠯᠪᠡᠷᠢ ᠶᠢᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠵᠠᠳᠠᠯᠤᠯᠲᠠ ᠬᠢᠬᠦ ᠪᠠᠷ ᠳᠠᠮᠵᠢᠨ ᠣᠯᠵᠤ ᠮᠡᠳᠡᠭᠰᠡᠨ ᠢᠶᠠᠷ᠂ ᠭᠠᠷᠠᠭ ᠤᠨ ᠰᠡᠭᠦᠯᠴᠢ ᠳᠤ ᠨᠦᠢᠷ | ᠨᠦᠬᠦᠬᠦ ᠨᠢ ᠨᠡᠯᠢᠶᠡᠳ ᠬᠦᠡᠭᠭᠡᠨ ᠵᠢᠷᠦᠭᠡ ᠪᠠᠵᠠᠯᠠᠵᠤ ᠡᠪᠡᠳᠬᠦ᠂ ᠰᠠ ᠡᠪᠡᠳᠴᠢᠨ ᠪᠠ ᠵᠢᠷᠦᠬᠡᠨ ᠲᠢᠲᠢᠮ ᠤᠨ ᠡᠪᠡᠳᠴᠢᠨ ᠲᠠᠢ ᠬᠠᠷᠢᠴᠠᠭ᠎ᠠ ᠬᠤᠯᠪᠤᠭ᠎ᠠ ᠲᠠᠢ | ᠪᠠᠶᠢᠳᠠᠭ᠃ | |