ᠳᠤᠮᠳᠠᠳᠤ ᠤᠯᠤᠰ ᠤᠨ ᠰᠢᠮ᠎ᠡ ᠲᠡᠵᠢᠭᠡᠯ ᠤᠨ ᠨᠡᠶᠢᠭᠡᠮᠯᠢᠭ ᠠᠴᠠ ᠵᠢᠭᠠᠨ ᠵᠢᠯᠣᠭᠤᠳᠴᠤ᠂ ᠰᠢᠨᠬᠤᠸᠠ ᠰᠦᠯᠵᠢᠶ᠎ᠡ ᠠᠴᠠ ᠭᠤᠤᠯᠯᠠᠨ ᠡᠷᠭᠢᠯᠡᠵᠦ᠂ ᠲᠠᠩ | ᠴᠧᠨ ᠪᠸᠢ ᠵᠢᠶᠠᠨ ᠺᠤᠮᠫᠠᠨᠢ ᠶᠢᠨ ᠬᠠᠮᠵᠢᠨ ᠡᠷᠭᠢᠯᠡᠭᠰᠡᠨ ᠭᠤᠷᠪᠠᠳᠤᠭᠠᠷ ᠬᠤᠭᠤᠴᠠᠭᠠᠨ ᠤ ︽518 ᠳᠤᠮᠳᠠᠳᠤ ᠤᠯᠤᠰ ᠤᠨ ᠰᠢᠮ᠎ᠡ ᠲᠡᠵᠢᠭᠡᠯ ᠤᠨ ᠪᠠᠶᠠᠷ︾ ᠲᠡᠭᠡᠷ᠎ᠡ᠂ | ︽9 ᠶᠡᠭᠡ ᠵᠠᠩᠭᠢᠯᠠᠭ᠎ᠠ ᠶᠢᠨ ᠰᠢᠮ᠎ᠡ ᠲᠡᠵᠢᠭᠡᠯᠲᠦ ᠡᠳ᠋ ᠢ ᠨᠠᠷᠢᠯᠢᠭ ᠣᠨᠣᠪᠴᠢᠲᠠᠶ ᠪᠠᠷ ᠢᠳᠡᠵᠦ᠂ ᠲᠠᠷᠬᠠᠯᠭ᠎ᠠ ᠪᠠᠨ ᠰᠢᠨᠵᠢᠯᠡᠬᠦ ᠤᠬᠠᠭᠠᠨᠴᠢ ᠪᠠᠷ ᠰᠠᠶᠢᠵᠢᠷᠠᠭᠤᠯᠬᠤ︾ | ᠰᠢᠨᠵᠢᠯᠡᠬᠦ ᠤᠬᠠᠭᠠᠨᠴᠢ ᠰᠢᠮ᠎ᠡ ᠲᠡᠵᠢᠭᠡᠯᠲᠦ ᠡᠳ᠋ ᠤᠨ ᠲᠤᠬᠠᠢ ᠰᠠᠨᠠᠭᠠᠴᠢᠯᠠᠭ᠎ᠠ ᠶᠢ ᠳᠤᠷᠠᠳᠤᠨ ᠭᠠᠷᠭᠠᠵᠤ᠂ ᠴᠢᠨᠠᠷ ᠰᠠᠶᠢᠲᠠᠶ ᠤᠭᠤᠷᠠᠭ᠂ ᠸᠢᠲ᠋ᠠᠮᠢᠨ ︵A᠂ C᠂ | D᠂ E᠂ B 6︶ ᠵᠢᠴᠢ ᠴᠠᠶᠢᠷ᠂ ᠲᠡᠮᠦᠷ᠂ ᠰᠧᠯᠧᠨ ᠵᠡᠷᠭᠡ 9 ᠶᠡᠭᠡ ᠵᠠᠩᠭᠢᠯᠠᠭ᠎ᠠ ᠶᠢᠨ ᠰᠢᠮ᠎ᠡ ᠲᠡᠵᠢᠭᠡᠯᠲᠦ ᠡᠳ᠋ ᠢ ᠬᠤᠷᠢᠶᠠᠩᠭᠤᠶᠢᠯᠠᠨ ᠭᠠᠷᠭᠠᠭᠰᠠᠨ ᠤ ᠬᠠᠮᠳᠤ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠭ ᠶᠣᠰᠣ ᠶᠢ ᠨᠠᠷᠢᠨ ᠲᠣᠳᠣᠷᠬᠠᠶ ᠳᠤᠷᠠᠳᠴᠤ᠂ ᠰᠢᠮ᠎ᠡ ᠲᠡᠵᠢᠭᠡᠯᠲᠦ ᠡᠳ᠋ ᠤᠨ ᠲᠤᠬᠠᠢ ᠰᠢᠨᠵᠢᠯᠡᠬᠦ ᠤᠬᠠᠭᠠᠨᠴᠢ | ᠲᠠᠨᠢᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠪᠤᠳᠠᠳᠠᠢ ᠭᠡᠷᠡᠭᠯᠡᠬᠦ ᠲᠠᠯ᠎ᠠ ᠪᠠᠷ᠂ ᠲᠤᠰᠬᠠᠶ ᠮᠡᠷᠭᠡᠵᠢᠯᠲᠡᠨ ᠠᠴᠠ ᠰᠠᠨᠠᠭᠤᠯᠬᠤ ᠳᠠᠭᠠᠨ᠂ ᠢᠳᠡᠭᠡᠨ ᠢ ᠣᠯᠠᠨ ᠶᠠᠩᠵᠤ ᠶᠢᠨ ᠪᠠᠶᠢᠯᠭᠠᠬᠤ ᠶᠢᠨ ᠰᠠᠭᠤᠷᠢᠨ | ᠳᠡᠭᠡᠷ᠎ᠡ᠂ 9 ᠶᠡᠭᠡ ᠵᠠᠩᠭᠢᠯᠠᠭ᠎ᠠ ᠶᠢᠨ ᠰᠢᠮ᠎ᠡ ᠲᠡᠵᠢᠭᠡᠯᠲᠦ ᠡᠳ᠋ ᠢ ᠭᠤᠤᠯᠳᠠᠯᠭ᠎ᠠ ᠲᠠᠢ ᠠᠩᠬᠠᠷᠤᠨ ᠴᠢᠬᠤᠯᠠᠴᠢᠯᠠᠬᠤ ᠶᠢᠨ ᠬᠠᠮᠲᠤ ᠠᠳᠠᠯᠢ ᠪᠤᠰᠤ ᠬᠥᠮᠦᠰ ᠤᠨ ᠰᠢᠮ᠎ᠡ | ᠲᠡᠵᠢᠭᠡᠯ ᠤᠨ ᠪᠠᠶᠢᠳᠠᠯ ᠢ ᠦᠨᠳᠦᠰᠦᠯᠡᠨ ᠵᠣᠬᠢᠰᠲᠠᠶ ᠲᠣᠬᠢᠷᠠᠭᠤᠯᠵᠤ᠂ ᠣᠨᠣᠪᠴᠢᠲᠠᠶ ᠪᠠᠷ ᠢᠳᠡᠬᠦ ᠬᠡᠷᠡᠭᠲᠡᠶ᠃ ᠵᠢᠱᠢᠶᠡᠯᠡᠪᠡᠯ ᠠᠳᠠᠯᠢ ᠪᠤᠰᠤ ᠨᠠᠰᠤ᠂ ᠬᠦᠢᠰᠦ᠂ | ᠠᠳᠠᠯᠢ ᠪᠤᠰᠤ ᠪᠡᠶ᠎ᠡ ᠶᠢᠨ ᠬᠦᠨᠳᠦ ᠲᠠᠢ ᠬᠥᠮᠦᠰ ᠤᠨ ᠡᠳᠦᠷ ᠪᠦᠷᠢ ᠶᠢᠨ ᠢᠳᠡᠬᠦ ᠤᠭᠤᠷᠠᠭ ᠤᠨ ᠬᠡᠮᠵᠢᠶ᠎ᠡ ᠨᠢ ᠪᠦᠷ ᠠᠳᠠᠯᠢ ᠦᠭᠡᠢ ᠪᠠᠶᠢᠳᠠᠭ ᠬᠡᠪᠡ᠃ | |