10 ᠰᠠᠷ᠎ᠠ ᠶᠢᠨ 30 ᠤ ᠡᠳᠦᠷ᠂ ᠶᠠᠭᠰᠢ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ | | | | ᠬᠤᠷᠠᠯ ᠠᠴᠠ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ ︽ᠡᠷᠡᠭᠦᠤ ᠶᠢᠨ ᠬᠡᠷᠡᠭ ᠢ ᠪᠠᠶᠢᠴᠠᠭᠠᠬᠤ | ᠠᠵᠢᠯ ᠤᠨ ᠪᠠᠶᠢᠳᠠᠯ ᠤᠨ ᠲᠤᠬᠠᠶ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ︔ ︽ᠶᠠᠭᠰᠢ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠲᠡᠭᠡᠭᠰᠢᠯᠡᠭᠦᠯᠬᠦ ᠦᠷ᠎ᠡ ᠪᠦᠲᠦᠮᠵᠢ ᠶᠢ ᠲᠡᠭᠡᠭᠰᠢᠯᠡᠭᠦᠯᠬᠦ ᠪᠠᠶᠢᠳᠠᠯ ᠤᠨ ᠲᠤᠬᠠᠶ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠪᠠ︔ | ︽ᠮᠠᠨ ᠤ ᠬᠤᠲᠠ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ﹀ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ︾ | ᠶᠢ ᠰᠣᠨᠣᠰᠪᠠ︔ ︽ᠮᠠᠨ ᠤ ᠬᠤᠲᠠ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ﹀ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ﹀ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ︾ ᠶᠢ ᠰᠣᠨᠣᠰᠪᠠ︔ ︽ᠪᠥᠬᠦ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠵᠤ ᠪᠠᠶᠢᠭ᠎ᠠ ᠪᠠᠶᠢᠳᠠᠯ ᠤᠨ ᠲᠤᠬᠠᠶ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ | | | | | | ᠬᠤᠷᠠᠯ ᠠᠴᠠ ᠭᠤᠤ ᠶᠠᠨ ᠴᠦᠨ ᠤ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠤᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠶᠠᠪᠤᠭᠳᠠᠭᠤᠯᠵᠤ᠂ ᠰᠢᠨ᠎ᠡ ᠪᠠᠷ ᠲᠤᠰᠢᠶᠠᠯ | ᠡᠭᠦᠷᠭᠡᠯᠡᠭᠰᠡᠨ ᠲᠦᠷᠦ ᠶᠢᠨ ᠪᠠᠶᠢᠭᠤᠯᠤᠯᠭ᠎ᠠ ᠶᠢᠨ ᠠᠵᠢᠯᠲᠠᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃ | | | | | | ᠬᠤᠷᠠᠯ ᠠᠴᠠ ᠪᠠᠰᠠ ᠬᠤᠲᠠ ᠶᠢᠨ ᠵᠠᠰᠠᠭ ᠤᠨ ᠣᠷᠳᠣᠨ ᠤ ᠲᠥᠪᠯᠡᠷᠡᠭᠦᠯᠦᠨ ᠢᠯᠴᠢ ᠬᠠᠩᠭᠠᠬᠤ ᠠᠵᠢᠯ ᠤᠨ ᠲᠤᠬᠠᠢ ᠲᠤᠰᠬᠠᠢ ᠰᠡᠳᠦᠪ ᠢᠶᠠᠷ ᠯᠠᠪᠯᠠᠨ | ᠠᠰᠠᠭᠤᠪᠠ᠃ ᠯᠠᠪᠯᠠᠨ ᠠᠰᠠᠭᠤᠬᠤ ᠳᠤ ᠨᠢᠭᠡ ᠠᠰᠠᠭᠤᠯᠲᠠ ᠨᠢᠭᠡ ᠬᠠᠷᠢᠭᠤᠯᠲᠠ ᠶᠢᠨ ᠠᠷᠭ᠎ᠠ ᠬᠡᠯᠪᠡᠷᠢ ᠶᠢ ᠠᠪᠴᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ | ᠣᠷᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠤᠭᠰᠠᠨ ᠠᠴᠠ ᠨᠠᠰᠢᠬᠢ᠂ ᠢᠯᠴᠢ ᠬᠠᠩᠭᠠᠬᠤ ᠪᠡᠯᠡᠳᠬᠡᠮᠵᠢ ᠶᠢᠨ ᠥᠭᠡᠷᠡᠴᠢᠯᠡᠯᠲᠡ ᠶᠢᠨ | ᠠᠬᠢᠴᠠ᠂ ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ᠂ ᠣᠳᠣᠬᠠᠨ ᠳᠤ ᠪᠡᠶᠡᠯᠡᠭᠦᠯᠦᠭᠰᠡᠨ ᠪᠠᠶᠢᠳᠠᠯ ᠵᠢᠴᠢ ᠲᠥᠪᠯᠡᠷᠡᠭᠦᠯᠦᠨ ᠢᠯᠴᠢ ᠬᠠᠩᠭᠠᠬᠤ ᠬᠦᠷᠢᠶᠡᠨ ᠳᠤ | ᠣᠷᠣᠰᠢᠵᠤ ᠪᠠᠶᠢᠭ᠎ᠠ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠵᠡᠷᠭᠡ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠲᠤ ᠯᠠᠪᠯᠠᠨ ᠠᠰᠠᠭᠤᠪᠠ᠃ ᠬᠤᠲᠠ ᠶᠢᠨ | ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ | ᠬᠤᠷᠠᠯ ᠳᠤ ᠤᠷᠤᠯᠴᠠᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠠᠰᠠᠭᠤᠨ ᠯᠠᠪᠯᠠᠭᠰᠠᠨ ᠠᠰᠠᠭᠤᠯᠲᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠮᠥᠷᠳᠡᠨ ᠠᠰᠠᠭᠤᠭᠰᠠᠨ ᠦᠷ᠎ᠡ ᠪᠦᠲᠦᠮᠵᠢ ᠶᠢ ᠰᠠᠶᠢᠲᠤᠷ ᠠᠳᠬᠤᠵᠤ᠂ ᠲᠤᠰᠬᠠᠢ ᠰᠡᠳᠦᠪ ᠢᠶᠠᠷ | ᠯᠠᠪᠯᠠᠨ ᠠᠰᠠᠭᠤᠭᠰᠠᠨ ᠪᠠᠶᠢᠳᠠᠯ ᠢ ᠴᠠᠭ ᠲᠤᠬᠠᠢ ᠳᠤᠨᠢ ᠡᠮᠬᠢᠯᠡᠨ ᠬᠤᠷᠢᠶᠠᠩᠭᠤᠶᠢᠯᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠠᠴᠠ ᠪᠠᠶᠢᠴᠠᠭᠠᠨ ᠦᠵᠡᠬᠦ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ᠂ ᠲᠤᠰᠬᠠᠢ ᠰᠡᠳᠦᠪ ᠢᠶᠠᠷ ᠯᠠᠪᠯᠠᠨ | ᠠᠰᠠᠭᠤᠭᠰᠠᠨ ᠰᠠᠨᠠᠯ ᠢ ᠰᠢᠢᠳᠪᠦᠷᠢᠯᠡᠭᠰᠡᠨ ᠪᠠᠶᠢᠳᠠᠯ ᠢᠶᠠᠨ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠢ᠃ ᠬᠤᠲᠠ ᠶᠢᠨ ᠵᠠᠰᠠᠭ ᠤᠨ | ᠣᠷᠳᠣᠨ ᠵᠢᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠲᠣᠰ ᠤᠳᠠᠭᠠᠨ ᠤ ᠠᠰᠠᠭᠤᠨ ᠯᠠᠪᠯᠠᠭᠰᠠᠨ ᠭᠤᠤᠯᠳᠠᠯᠭ᠎ᠠ ᠲᠠᠢ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠵᠦᠢᠯ ᠳᠠᠷᠠᠭᠠᠯᠠᠨ ᠠᠳᠬᠤᠵᠤ | ᠨᠠᠶᠢᠳᠠᠪᠤᠷᠢᠵᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠢᠯᠴᠢ | ᠬᠠᠩᠭᠠᠬᠤ ᠠᠵᠢᠯ ᠢ ᠪᠣᠳᠠᠲᠠᠶ᠂ ᠰᠠᠶᠢᠲᠤᠷ ᠠᠳᠬᠤᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠬᠠᠮᠠᠭᠠᠯᠠᠬᠤ ᠬᠡᠷᠡᠭᠲᠡᠶ ᠭᠡᠵᠤ ᠱᠠᠭᠠᠷᠳᠠᠪᠠ᠃ |