ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠶᠠᠭᠰᠢ ᠬᠤᠲᠠ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/6
        10 ᠰᠠᠷ᠎ᠠ ᠶᠢᠨ 31 ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠣᠣ ᠳ᠋ᠠ ᠹᠦ᠋ ᠨᠡᠷ ᠶᠠᠭᠰᠢ ᠬᠤᠲᠠ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃
202411060201.jpg   
        ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠶᠠᠭᠰᠢ ᠬᠤᠳᠠ ᠶᠢᠨ ᠶᠦᠩ ᠰᠢᠩ ᠵᠡᠭᠡᠯᠢ ᠭᠤᠳᠤᠮᠵᠢ ᠶᠢᠨ ᠶᠦᠩ ᠴᠢᠶᠠᠩ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠪᠠᠶᠢᠭᠠᠯᠢ ᠶᠢᠨ ᠡᠬᠢ ᠪᠠᠶᠠᠯᠢᠭ ᠤᠨ ᠦᠵᠡᠭᠦᠯᠦᠯᠭᠡ ᠶᠢᠨ ᠲᠢᠩᠬᠢᠮ᠂ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠬᠤᠳᠠ ᠶᠢᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠤᠬᠠᠭᠤᠯᠭ᠎ᠠ ᠶᠢᠨ ᠹᠢᠯᠢᠮ ᠢ ᠦᠵᠡᠬᠦ᠂ ᠬᠠᠷᠢᠭᠤ ᠮᠡᠳᠡᠭᠦᠯᠵᠦ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃
202411060202.jpg   
        ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ︽ᠳᠦᠷᠢᠮ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ᠂ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠮᠢᠶ᠎ᠠ ᠪᠥᠬᠦᠶ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢ ᠡᠳᠦᠷ ᠲᠤᠲᠤᠮ ᠤᠨ ᠠᠵᠢᠯ ᠤᠨ ᠪᠥᠬᠦ ᠶᠠᠪᠤᠴᠠ ᠳᠤ ᠦᠨᠡᠨ ᠬᠦ  ᠲᠤᠭᠤᠰᠢᠯᠠᠭᠤᠯᠵᠤ᠂ ︽ᠲᠦᠷᠢᠮ︾ ᠢ ᠪᠦᠲᠦᠮᠵᠢᠲᠡᠶ ᠬᠡᠷᠡᠭᠵᠢᠭᠦᠯᠬᠦ ᠪᠠᠷ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ ᠭᠡᠵᠡᠢ᠃
202411060203.jpg
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ