ᠬᠥᠯᠥᠨ ᠪᠤᠶᠢᠷ ᠬᠤᠲᠠ ᠪᠣᠯᠤᠨ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡ ᠬᠢᠭᠰᠡᠨ ᠪᠥᠭᠡᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠰᠠᠨᠠᠭᠤᠯᠤᠮᠵᠢ ᠳᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/11/6
        10 ᠳ᠋ᠤᠭᠠᠷ ᠰᠠᠷ᠎ᠠ ᠶᠢᠨ 30 ᠤ ᠡᠳᠦᠷ᠂ ᠬᠥᠯᠥᠨ ᠪᠤᠶᠢᠷ ᠬᠤᠲᠠ ᠪᠣᠯᠤᠨ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶ᠋ᠯᠡᠳᠪᠦᠷᠢ ᠶᠢᠨ ᠪᠦᠯᠦᠭᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠵᠥᠪᠳᠡᠯᠴᠡᠬᠡᠷ ᠬᠢᠭᠰᠡᠨ ᠪᠥᠭᠡᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠴᠢ ᠶᠦᠩ ᠴᠢᠶᠠᠨ᠂ ᠥᠪᠥᠷ ᠮᠣᠩᠭᠤᠯ ᠤᠨ ᠣᠢ ᠰᠢᠭᠤᠶ ᠶᠢᠨ ᠠᠵᠤ ᠦᠶ᠋ᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠯᠢᠶᠠᠩ᠂ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠡᠩᠬᠡᠪᠦ᠋ᠴᠢᠨ ᠬᠤᠷᠠᠯ ᠳᠤ ᠣᠷᠣᠯᠴᠠᠪᠠ᠃
110604.1.jpg 
        ᠸᠠᠩ ᠸᠠᠩ ᠱᠧᠩ᠂ ᠲᠡᠦᠬᠡ ᠶᠢ ᠡᠷᠭᠢᠴᠡᠭᠦᠯᠬᠦᠶ᠎ᠡ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠨᠢ ᠢᠮᠠᠭᠲᠠ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠤᠪᠢ ᠵᠠᠶᠠᠭ᠎ᠠ ᠪᠠᠨ ᠬᠠᠮᠲᠤᠳᠬᠠᠵᠤ᠂ ᠢᠮᠠᠭᠲᠠ ᠬᠡᠨ ᠠᠯᠢᠨ ᠠᠴᠠ ᠪᠠᠨ ᠰᠠᠯᠵᠤ ᠴᠢᠳᠠᠬᠤ ᠦᠬᠡᠢ ᠶᠤᠮ᠃ ᠪᠦᠬᠦ ᠨᠠᠮ ᠪᠦᠬᠦ ᠤᠯᠤᠰ ᠲᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠪᠠᠶᠢᠭᠤᠯᠬᠤ ᠰᠢᠨ᠎ᠡ ᠪᠠᠶᠢᠳᠠᠯ ᠤᠨ ᠳᠣᠣᠷ᠎ᠠ᠂ ᠣᠷᠣᠨ ᠨᠤᠲᠤᠭ ᠪᠠ ᠠᠵᠤ ᠠᠬᠤᠶᠢᠯᠠᠯ ᠤᠨ ᠠᠭᠤᠰᠤᠯᠳᠤᠨ ᠬᠥᠭᠵᠢᠬᠦ ᠶᠢ ᠲᠦᠷᠭᠡᠳᠬᠡᠬᠦ ᠨᠢ ᠥᠩᠭᠡᠷᠡᠭᠰᠡᠨ ᠤ ᠠᠯᠢ ᠴᠤ ᠦᠶ᠎ᠡ ᠠᠴᠠ ᠨᠡᠩ ᠴᠢᠬᠤᠯᠠ᠂ ᠨᠡᠩ ᠴᠢᠬᠤᠯᠠᠲᠠᠢ ᠶᠤᠮ᠃ ᠪᠢᠳᠡ ᠣᠷᠣᠨ ᠨᠤᠲᠤᠭ ᠪᠠ ᠠᠵᠤ ᠠᠬᠤᠶᠢᠯᠠᠯ ᠬᠠᠮᠵᠢᠯᠴᠠᠨ ᠬᠤᠯᠪᠣᠭᠠᠯᠠᠬᠤ ᠶᠢ ᠴᠢᠩᠭᠠᠳᠬᠠᠵᠤ᠂ ︽ᠨᠢᠭᠡ ᠵᠢᠷᠤᠭ︾᠂ ︽ᠨᠢᠭᠡ ᠲᠣᠣᠷ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠤᠲᠤᠭ ᠪᠡᠯᠴᠢᠭᠡᠷ ᠢᠶᠠᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ᠂ ᠨᠢᠭᠡ ᠴᠣᠭᠴᠠᠵᠢᠭᠤᠯᠤᠨ ᠣᠢ ᠰᠢᠭᠤᠢ ᠶᠢᠨ ᠲᠦᠢᠮᠡᠷ ᠢ ᠰᠡᠷᠭᠡᠶᠢᠯᠡᠬᠦ ᠱᠤᠭᠤᠮ ᠢ ᠪᠠᠶᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠰᠡᠳᠬᠢᠯ ᠨᠢᠭᠡ ᠴᠢᠭᠯᠡᠯ ᠢᠶᠠᠷ ᠠᠮᠢ ᠠᠬᠤᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠰᠢᠭᠤᠶᠢᠲᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠴᠡ ᠶᠢ ᠬᠠᠮᠲᠤ ᠪᠠᠷ ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠯ᠂ ᠰᠢᠨ᠎ᠡ ᠡᠨᠧᠷᠭᠢ ᠶᠢᠨ ᠠᠵᠤ ᠦᠢᠯᠡᠰ᠂ ᠤᠢ ᠶᠢᠨ ᠬᠤᠷᠮᠣᠶ ᠶᠢᠨ ᠪᠦᠲᠦᠭᠡᠭᠳᠡᠬᠦᠨ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠤ ᠠᠬᠤᠢ ᠶᠢᠨ ᠳᠠᠯᠳᠠ ᠬᠦᠴᠦᠨ ᠤ ᠳᠠᠪᠠᠭᠤᠯᠢᠭ ᠢ ᠠᠭᠤᠳᠠᠯᠵᠤ᠂ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠰᠢᠨ᠎ᠡ ᠬᠥᠳᠡᠯᠭᠡᠬᠦ ᠡᠨᠧᠷᠭᠢ ᠶᠢ ᠦᠷᠭᠦᠯᠵᠢᠯᠡᠨ ᠪᠤᠶᠢᠵᠢᠭᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠠᠮᠵᠢᠯᠴᠠᠨ ᠨᠡᠪᠲᠡᠷᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠬᠦᠷᠢᠶᠡᠨ ᠤ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠬᠦ ᠬᠡᠷᠡᠭᠲᠡᠢ᠃ ᠪᠦᠯᠬᠦᠮᠳᠡᠯ ᠪᠣᠯ ᠣᠷᠣᠨ ᠨᠤᠲᠤᠭ ᠠᠵᠤ ᠠᠬᠤᠶᠢᠯᠠᠯ ᠤᠨ ᠭᠠᠷ ᠬᠤᠯᠪᠣᠨ ᠬᠥᠭᠵᠢᠬᠦ ᠶᠢᠨ ᠰᠠᠭᠤᠷᠢ ᠮᠥᠨ᠂ ᠬᠥᠯᠥᠨ ᠪᠤᠶᠢᠷ ᠬᠤᠲᠠ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶ᠋ᠯᠡᠳᠪᠦᠷᠢ ᠶᠢᠨ ᠪᠦᠯᠦᠭᠯᠡᠯ ᠲᠠᠢ ᠬᠠᠮᠲᠤ ᠪᠠᠷ ︽ᠣᠶ ᠰᠢᠭᠤᠶ᠂ ᠨᠢᠭᠡ ᠬᠡᠷ ᠪᠦᠯᠢ᠂ ᠨᠢᠭᠡ ᠰᠡᠳᠬᠢᠯ᠂ ᠨᠢᠭᠡ ᠡᠷᠴᠢᠮ︾ ᠤᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠨᠡ ᠬᠦ ᠥᠷᠭᠡᠨ ᠠᠭᠤᠳᠠᠮ ᠣᠶ ᠶᠢᠨ ᠲᠡᠯᠡᠶ ᠳᠡᠭᠡᠷ᠎ᠡ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃
110604.2.jpg 
        ᠵᠠᠩ ᠯᠢᠶᠠᠩ ᠬᠥᠯᠥᠨ ᠪᠤᠶᠢᠷ ᠬᠤᠳᠠ ᠶᠢᠨ ᠬᠠᠯᠠᠮᠵᠢ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠶ᠋ᠯᠡᠳᠪᠦᠷᠢ ᠶᠢᠨ ᠪᠦᠯᠦᠭᠯᠡᠯ ᠶᠠᠭ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠣᠶ᠂ ᠬᠤᠶᠠᠷ ᠲᠠᠯ᠎ᠠ ᠪᠠᠷ ᠢᠶᠠᠨ ᠲᠣᠰ ᠤᠳᠠᠭ᠎ᠠ ᠶᠢᠨ ᠬᠤᠳᠠᠯᠳᠤᠭᠠᠴᠢᠳ ᠤᠨ ᠡᠪᠯᠡᠯ ᠢᠶᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠪᠠᠨ ᠤᠯᠠᠮ ᠴᠢᠨᠠᠭᠰᠢᠳᠠ ᠨᠡᠮᠡᠭᠳᠡᠭᠦᠯᠦᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠬᠢ ᠪᠠᠶᠠᠯᠢᠭ ᠢ ᠨᠡᠶᠢᠳᠬᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠬᠤ ᠲᠠᠯ᠎ᠠ ᠪᠠᠷ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠠᠮᠢ ᠠᠬᠤᠶ᠂ ᠠᠵᠤ ᠠᠬᠤᠶ᠂ ᠨᠡᠶᠢᠭᠡᠮ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
110604.3.jpg
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ