ᠸᠠᠩ ᠸᠠᠩ ᠱᠧᠩ ᠡᠪᠦᠯ ᠤᠨ ᠤᠯᠠᠷᠢᠯ ᠤᠨ ᠵᠢᠭᠤᠯᠴᠢᠯᠠᠯ ᠪᠠ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/6
        10 ᠰᠠᠷ᠎ᠠ ᠶᠢᠨ 30 ᠤ ᠡᠳᠦᠷ ᠠᠴᠠ 11 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠤᠷᠢᠳ ᠬᠤᠵᠢᠳ ᠶᠠᠭᠰᠢ ᠬᠤᠲᠠ᠂ ᠰᠢᠨ᠎ᠡ ᠪᠠᠷᠭᠤ ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ ᠪᠣᠯᠤᠨ ᠵᠠᠯᠠᠶᠢᠨᠠᠭᠤᠷ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠶᠠᠭᠰᠢ ᠶᠢᠨ ᠹᠧᠩ ᠬᠤᠸᠠᠩ ᠱᠠᠨ ᠦᠵᠡᠮᠵᠢ ᠶᠢᠨ ᠣᠷᠣᠨ ᠳᠤ᠂ ᠸᠠᠩ ᠸᠠᠩ ᠱᠧᠩ ᠲᠤᠬᠠᠢ ᠶᠢᠨ ᠭᠠᠵᠠᠷ ᠲᠤᠨᠢ ᠮᠥᠰᠥ ᠴᠠᠰᠤᠨ ᠤ ᠨᠠᠭᠠᠳᠤᠮ ᠵᠡᠷᠭᠡ ᠡᠪᠦᠯ ᠤᠨ ᠤᠯᠠᠷᠢᠯ ᠤᠨ ᠵᠤᠭᠠᠴᠠᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠲᠣᠰ ᠤᠳᠠᠭ᠎ᠠ ᠶᠢᠨ ᠨᠠᠭᠠᠳᠤᠮ ᠢ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠡᠬᠢᠯᠡᠯᠲᠡ ᠶᠢᠨ ᠶᠣᠰᠣᠯᠠᠯ᠂ ᠤᠷᠤᠯᠳᠤᠭᠠᠨ ᠤ ᠠᠵᠢᠯᠯᠠᠭ᠎ᠠ᠂ ᠬᠤᠳᠠᠯᠳᠤᠭᠠᠴᠢᠨ ᠤᠷᠢᠬᠤ ᠤᠬᠠᠭᠤᠯᠭ᠎ᠠ ᠲᠠᠨᠢᠯᠴᠠᠭᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠷᠬᠢᠨ ᠲᠣᠭᠤᠷᠢᠨ ᠤ ᠡᠬᠢ ᠪᠠᠶᠠᠯᠢᠭ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠢᠨ᠎ᠡ ᠬᠠᠶᠢᠨ ᠰᠥᠪᠡᠭᠴᠢᠯᠡᠯᠲᠡ ᠶᠢᠨ ᠤᠨᠴᠠᠯᠢᠬᠳᠤ ᠲᠥᠷᠥᠯ ᠵᠦᠢᠯ  ᠢ ᠳᠡᠯᠭᠡᠨ ᠦᠵᠡᠭᠦᠯᠵᠦ᠂ ︽ᠮᠥᠰᠥ ᠴᠠᠰᠤᠨ ᠤ ᠰᠣᠶᠣᠯ ᠵᠢᠭᠤᠯᠴᠢᠯᠠᠯ + ᠬᠦᠢᠲᠡᠨ ᠭᠠᠵᠠᠷ ᠤᠨ ᠲᠤᠷᠰᠢᠯᠲᠠ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠴᠦᠯᠡᠨ ᠴᠣᠭᠴᠠᠯᠠᠵᠤ᠂ ︽ᠬᠥᠯᠥᠨ ᠪᠤᠶᠢᠷ ᠤᠨ ᠲᠠᠯ᠎ᠠ ᠨᠤᠲᠤᠭ︾ ᠤᠨ ᠲᠥᠷᠥᠯ ᠲᠡᠮᠳᠡᠭ ᠤᠨ ᠳᠥᠷᠪᠡᠨ ᠤᠯᠠᠷᠢᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ ᠭᠡᠪᠡ᠃
110607.jpg 
        ᠰᠢᠨ᠎ᠡ ᠪᠠᠷᠭᠤ ᠵᠡᠭᠦᠨ ᠬᠤᠰᠢᠭᠤ ᠪᠣᠯᠤᠨ ᠰᠢᠨ᠎ᠡ ᠪᠠᠷᠭᠤ ᠪᠠᠷᠠᠭᠤᠨ ᠬᠤᠰᠢᠭᠤᠨ ᠳᠤ᠂ ᠸᠠᠩ ᠸᠠᠩ ᠱᠧᠩ ᠡᠪᠡᠰᠦᠨ ᠤ ᠦᠢᠯᠡᠰ ᠤᠨ ᠬᠥᠭᠵᠢᠯᠲᠡ ᠪᠣᠯᠤᠨ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ︾ ᠰᠤᠳᠤᠯᠭᠠᠨ ᠤ ᠰᠡᠳᠦᠪ ᠤᠨ ᠪᠠᠶᠢᠴᠠᠭᠠᠨ ᠰᠤᠳᠤᠯᠤᠯᠲᠠ ᠪᠣᠯᠪᠠᠰᠤᠷᠠᠯ ᠢ ᠨᠢᠭᠡ ᠴᠣᠭᠴᠠᠵᠢᠭᠤᠯᠤᠭᠰᠠᠨ ᠪᠠᠶᠢᠳᠠᠯ ᠢ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠡᠷᠡ᠂ ᠡᠯ᠎ᠡ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ᠂ ᠮᠠᠯᠵᠢᠬᠤ ᠳᠥᠷᠪᠡᠨ ᠬᠤᠰᠢᠭᠤ᠂ ᠬᠤᠲᠠ ᠬᠤᠰᠢᠭᠤ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ ᠤ ᠪᠦᠯᠬᠦᠮ ᠰᠢᠨ᠎ᠡ ᠶᠢ ᠡᠭᠦᠳᠬᠦ ᠰᠡᠳᠬᠢᠬᠦᠶ ᠪᠠᠨ ᠴᠢᠩᠭᠠᠳᠬᠠᠵᠤ᠂ ᠰᠠᠨᠠᠭᠠᠴᠢᠯᠠᠭᠠᠲᠤ ᠤᠬᠠᠮᠰᠠᠷ ᠢᠶᠠᠨ ᠴᠢᠩᠭᠠᠳᠬᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ︽1 + N + M︾ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠥᠭᠡᠷᠡᠴᠢᠯᠡᠯᠲᠡ ᠶᠢᠨ ᠲᠤᠷᠰᠢᠯᠲᠠ ᠳᠤ ᠣᠷᠣᠯᠴᠠᠭᠤᠯᠬᠤ ᠬᠡᠷᠡᠭᠲᠡᠶ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠤᠭᠴᠠᠵᠢᠭᠤᠯᠬᠤ︾᠂ ︽ᠠᠯᠠᠰᠢᠨ ᠦᠬᠡᠷ ᠢ ᠪᠠᠷᠠᠭᠤᠨᠰᠢ ᠦᠷᠡᠵᠢᠭᠦᠯᠵᠦ ᠵᠡᠭᠦᠨᠰᠢ ᠪᠤᠶᠢᠵᠢᠭᠤᠯᠬᠤ︾ ᠵᠡᠷᠭᠡ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠵᠦ᠂ ︽ᠮᠠᠩᠯᠠᠶ ᠶᠢᠨ ᠵᠠᠭᠪᠤᠷ︾ ᠤᠨ 2 . 0 ᠬᠡᠪ ᠢ ᠪᠣᠶ ᠪᠣᠯᠭᠠᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠠᠷᠭ᠎ᠠ ᠬᠢᠳᠡᠯ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠬᠦ ᠬᠡᠷᠡᠭᠲᠡᠶ᠃ ᠨᠠᠷᠢᠯᠢᠭ ᠭᠦᠨᠵᠡᠭᠡᠶ ᠡᠳ᠋ᠰᠢᠭᠦᠯᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠵᠠᠭᠪᠤᠷ᠂ ᠴᠢᠳᠠᠪᠤᠷᠢᠲᠠᠨ ᠢ ᠰᠢᠯᠭᠠᠷᠠᠭᠤᠯᠬᠤ ᠵᠡᠷᠭᠡ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠣᠯᠠᠨ ᠠᠵᠤ ᠦᠢᠯᠡᠰ ᠤᠨ ᠬᠠᠮᠵᠢᠯᠴᠠᠨ ᠬᠥᠭᠵᠢᠬᠦ ᠪᠠ ᠰᠢᠨ᠎ᠡ ᠶᠢ ᠡᠭᠦᠳᠬᠦ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ ᠭᠡᠵᠡᠢ᠃         ᠵᠠᠯᠠᠶᠢᠨᠠᠭᠤᠷ ᠲᠣᠭᠤᠷᠢᠭ ᠤᠨ 2 × 35 ᠲᠦᠮᠡᠨ ᠺᠢᠯᠤᠸᠠᠲ ᠤᠨ ᠢᠯᠴᠢ ᠴᠠᠬᠢᠯᠭᠠᠨ ᠢ ᠬᠤᠯᠪᠣᠭᠠᠯᠠᠨ ᠦᠢᠯᠡᠳᠪᠦᠷᠢᠯᠡᠬᠦ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠲᠤ᠂ ᠸᠠᠩ ᠸᠠᠩ ᠱᠧᠩ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠬᠦᠴᠢᠷ ᠲᠦᠪᠡᠭᠲᠡᠶ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠦᠨ ᠤᠨᠤᠴᠠᠲᠠᠢ ᠬᠦᠴᠦᠯᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠴᠢᠩᠭ᠎ᠠ ᠡᠵᠡᠮᠳᠡᠵᠦ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠥᠨᠳᠥᠷ ᠪᠠᠷᠢᠮᠵᠢᠶ᠎ᠠ ᠥᠨᠳᠥᠷ ᠪᠦᠲᠦᠮᠵᠢᠲᠡᠶ ᠴᠢᠨᠠᠷ ᠰᠠᠶᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃         ᠡᠨᠡ ᠬᠤᠭᠤᠴᠠᠭᠠᠨ ᠳᠤ ᠸᠠᠩ ᠸᠠᠩ ᠱᠧᠩ ᠲᠤᠰ ᠲᠤᠰ ᠡᠯ᠎ᠡ ᠭᠠᠵᠠᠷ ᠣᠷᠣᠨ ᠤ ᠤᠳᠤᠷᠢᠳᠬᠤ ᠺᠠᠳ᠋ᠷᠴᠤᠳ ᠲᠠᠢ ᠬᠠᠮᠲᠤ ᠪᠠᠷ ᠶᠠᠷᠢᠯᠴᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ