ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ 1
ᠨᠡᠶᠢᠲᠡᠯᠡᠭᠰᠡᠨ ᠴᠠᠭ᠄
2024/11/6
           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                        ᠥᠪᠥᠷ ᠵᠠᠰᠠᠭ ᠠᠯᠪᠠᠨ ᠲᠠᠷᠬᠠᠭᠠᠭᠰᠠᠨ ﹇2024﹈ 35 ᠳ᠋ᠤᠭᠠᠷ ᠲᠣᠭᠠᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄         ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃         ᠨᠢᠭᠡ᠂ ᠶᠡᠷᠦᠩᠬᠡᠢ ᠱᠠᠭᠠᠷᠳᠠᠯᠭ᠎ᠠ         ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠥᠮᠥᠨ ᠤ ᠠᠮᠢ ᠨᠠᠰᠤ ᠪᠠ ᠡᠷᠡᠭᠦᠯ ᠡᠩᠬᠡ ᠶᠢ ᠬᠠᠮᠠᠭᠠᠯᠠᠬᠤ ᠪᠠᠷ ᠵᠣᠷᠢᠯᠲᠠ ᠪᠣᠯᠭᠠᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠶᠢ ᠳᠠᠶᠢᠴᠢᠯᠠᠬᠤ ᠪᠠᠷ ᠳᠠᠮᠵᠢᠭᠤᠯᠵᠤ᠂ ︽ᠠᠪᠤᠷᠠᠯᠲᠠ ᠳᠡᠷᠭᠡᠳᠡ ᠴᠢᠨᠢ︾ ᠭᠡᠬᠦ 10 ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠵᠢᠷᠦᠬᠡ ᠠᠭᠤᠰᠬᠢᠨ ᠤ ᠰᠡᠷᠭᠦᠭᠡᠯᠲᠡ ᠬᠢᠭᠡᠳ ᠪᠡᠶ᠎ᠡ ᠶᠢᠨ ᠭᠠᠳᠠᠨ᠎ᠠ ᠠᠴᠠ ᠴᠡᠴᠡᠷᠡᠬᠦ ᠶᠢ ᠠᠷᠢᠯᠭᠠᠬᠤ ᠠᠦ᠋ᠲ᠋ᠣ᠋ ᠬᠡᠮᠵᠢᠭᠦᠷᠯᠢᠭ ︵AED ᠮᠠᠰᠢᠨ︶ ᠤᠨ ᠬᠡᠷᠡᠭᠯᠡᠯᠲᠡ᠂ ᠠᠮᠢᠰᠬᠤᠯ ᠤᠨ ᠵᠠᠮ ᠤᠨ ᠣᠨᠳᠣᠣ ᠪᠣᠳᠠᠰ ᠤᠨ ᠲᠦᠭᠵᠢᠷᠡᠯ᠂ ᠰᠢᠷᠬᠠᠲᠤᠭᠰᠠᠨ ᠢ ᠠᠪᠤᠷᠠᠬᠤ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠵᠡᠷᠭᠡ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠳᠡᠯᠭᠡ ᠮᠡᠷᠭᠡᠰᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠂ 2030 ᠣᠨ ᠪᠤᠯᠲᠠᠯ᠎ᠠ᠂ ᠪᠥᠬᠦ ᠤᠯᠤᠰ ᠤᠨ ᠳᠤᠮᠳᠠ ᠵᠡᠷᠭᠡ ᠠᠴᠠ ᠳᠡᠭᠡᠭᠰᠢᠬᠢ ᠬᠠᠷᠠᠯᠲᠠ ᠳᠤ ᠬᠦᠷᠦᠭᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ 70 ᠲᠦᠮᠡᠨ ᠬᠥᠮᠥᠨ ᠤᠳᠠᠭ᠎ᠠ ᠠᠴᠠ ᠳᠡᠭᠡᠭᠰᠢ ᠲᠦᠭᠡᠮᠡᠯᠵᠢᠭᠦᠯᠵᠦ᠂ 2030 ᠣᠨ ᠪᠣᠯᠬᠤ ᠳᠤ ︽ᠳᠣᠯᠣᠳᠤᠭᠠᠷ ᠨᠡᠶᠢᠳᠡᠮ ᠪᠠᠶᠢᠴᠠᠭᠠᠯᠲᠠ︾ ᠶᠢᠨ ᠬᠥᠮᠥᠨ ᠠᠮᠠ ᠳᠠᠬᠢ ᠨᠡᠶᠢᠲᠡ ᠲᠦᠭᠡᠮᠡᠯᠵᠢᠭᠦᠯᠦᠭᠰᠡᠨ ᠨᠣᠷᠮ᠎ᠠ ᠶᠢᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ ᠤᠨ ᠲᠦᠪᠰᠢᠨ ᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠦᠨᠡᠮᠯᠡᠯ ᠠᠪᠬᠤ ᠬᠥᠮᠥᠨ ᠤ ᠲᠤᠭ᠎ᠠ ᠶᠢ 8 ᠲᠦᠮᠡ ᠢᠯᠡᠭᠦᠦ ᠨᠡᠮᠡᠭᠳᠡᠭᠦᠯᠵᠦ᠂ 2030 ᠣᠨ ᠪᠣᠯᠬᠤ ᠳᠤ᠂ ︽ᠳᠣᠯᠣᠳᠤᠭᠠᠷ ᠨᠡᠶᠢᠳᠡᠮ ᠪᠠᠶᠢᠴᠠᠭᠠᠯᠲᠠ︾ ᠶᠢᠨ ᠬᠥᠮᠥᠨ ᠠᠮᠠ ᠳᠠᠬᠢ ᠦᠨᠡᠮᠯᠡᠯ ᠠᠪᠤᠭᠰᠠᠨ ᠬᠥᠮᠥᠨ ᠤ ᠲᠤᠭ᠎ᠠ ᠶᠢᠨ ᠡᠵᠡᠯᠡᠬᠦ ᠬᠠᠷᠢᠴᠠᠯ ᠢ 4.2% ᠠᠴᠠ ᠳᠡᠭᠡᠭᠰᠢ ᠳᠤ ᠬᠦᠷᠦᠭᠦᠯᠵᠦ᠂ ᠡᠮᠨᠡᠯᠭᠡ ᠳᠤ ᠰᠠᠭᠤᠬᠤ ᠠᠴᠠ ᠡᠮᠦᠨᠡᠬᠢ ᠲᠦᠷᠭᠡᠨ ᠠᠪᠤᠷᠠᠯᠲᠠ ᠳᠤ ᠣᠷᠣᠯᠴᠠᠬᠤ ᠣᠯᠠᠨ ᠨᠡᠶᠢᠲᠡ ᠶᠢᠨ ᠬᠠᠷᠢᠴᠠᠯ ᠪᠠ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠲᠡᠬᠡᠭᠰᠢᠯᠡᠬᠦᠯᠦᠨ᠎ᠡ᠃ 2030 ᠣᠨ ᠪᠤᠯᠲᠠᠯ᠎ᠠ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ AED ᠮᠠᠰᠢᠨ ᠢ 10 ᠲᠦᠮᠡᠨ ᠬᠥᠮᠥᠨ ᠪᠦᠷᠢ ᠳᠤ 30 ᠰᠠᠤᠷᠢ ᠲᠣᠬᠢᠷᠠᠭᠤᠯᠤᠨ ᠤᠭᠰᠠᠷᠠᠵᠤ᠂ ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠪᠣᠯᠭᠠᠨ ᠳᠤ ᠬᠠᠮᠤᠷᠠᠭᠤᠯᠬᠤ ᠶᠢ ᠪᠡᠶᠡᠯᠡᠭᠦᠯᠦᠨ᠎ᠡ᠃ A ᠲᠠᠰ ᠤᠨ ᠦᠵᠡᠮᠵᠢ ᠶᠢᠨ ᠣᠷᠣᠨ ᠳᠤ ᠠᠪᠤᠷᠠᠯᠲᠠ ᠶᠢᠨ ᠥᠷᠲᠡᠭᠡ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠲᠡᠭᠡ ᠲᠠᠢ ᠪᠤᠯᠭᠠᠬᠤ ᠶᠢ ᠪᠡᠶᠡᠯᠡᠭᠦᠯᠦᠨ᠎ᠡ᠃ ᠥᠷᠭᠡᠨ ᠣᠯᠠᠨ ᠠᠷᠠᠳ ᠲᠦᠮᠡᠨ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠳᠤ ᠣᠷᠣᠯᠴᠠᠭᠤᠯᠵᠤ᠂ ︽ᠠᠪᠤᠷᠠᠯᠲᠠ ᠳᠡᠷᠭᠡᠳᠡ ᠴᠢᠨᠢ︾ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ︽ᠬᠥᠮᠥᠨ ᠪᠦᠭᠦᠨ ᠲᠦᠷᠭᠡᠨ ᠠᠪᠤᠷᠠᠯᠲᠠ ᠬᠢᠬᠦ ᠶᠢ ᠰᠤᠷᠤᠯᠴᠠᠵᠤ᠂ ᠲᠦᠷᠭᠡᠨ ᠠᠪᠤᠷᠠᠯᠲᠠ ᠬᠢᠬᠦ ᠨᠢ ᠬᠥᠮᠥᠨ ᠪᠦᠭᠦᠨ ᠤ ᠲᠥᠯᠥᠭᠡ︾ ᠭᠡᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠢ ᠪᠣᠯᠭᠠᠵᠤ᠂ ᠢᠳᠡᠪᠬᠢ ᠬᠦᠴᠦᠨ ᠢ ᠪᠠᠳᠠᠷᠠᠭᠤᠯᠤᠨ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ