ᠬᠤᠶᠠᠷ᠂ ᠭᠤᠣᠯ ᠡᠭᠦᠷᠭᠡ | ︵ᠨᠢᠭᠡ︶ ︽ᠠᠪᠤᠷᠠᠯᠲᠠ ᠳᠡᠷᠭᠡᠳᠡ ᠴᠢᠨᠢ︾ ᠭᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠎ᠡ᠃ | 1. ︽ᠠᠪᠤᠷᠠᠯᠲᠠ ᠳᠡᠷᠭᠡᠳᠡ ᠴᠢᠨᠢ • ᠰᠤᠷᠭᠠᠭᠤᠯᠢ ᠶᠢᠨ ᠬᠦᠷᠢᠶᠡᠨ ᠳᠤ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠳᠤ ᠣᠷᠣᠭᠤᠯᠵᠤ᠂ | ᠰᠤᠷᠤᠭᠴᠢᠳ ᠤᠨ ᠴᠡᠷᠢᠭ ᠤᠨ ᠪᠣᠯᠪᠠᠰᠤᠷᠠᠯ ᠳᠤ ᠣᠷᠣᠭᠤᠯᠤᠨ᠂ ᠶᠡᠭᠡ ᠳᠡᠭᠡᠳᠦ ᠰᠤᠷᠭᠠᠭᠤᠯᠢ ᠨᠤᠭᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠬᠠᠮᠢᠶ᠎ᠠ ᠪᠦᠬᠦᠢ ᠰᠣᠩᠭᠤᠨ ᠰᠤᠷᠬᠤ ᠬᠢᠴᠢᠶᠡᠯ ᠲᠣᠬᠢᠷᠠᠭᠤᠯᠬᠤ ᠶᠢᠨ ᠬᠠᠮᠲᠤ ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠳᠤ ᠣᠷᠣᠭᠤᠯᠬᠤ ᠶᠢ ᠨᠢ ᠵᠣᠷᠢᠭᠵᠢᠭᠤᠯᠵᠤ᠂ | ᠨᠥᠬᠦᠴᠡᠯ ᠲᠠᠢ ᠳᠤᠮᠳᠠᠳᠤ ᠰᠤᠷᠭᠠᠭᠤᠯᠢ ᠨᠢ ᠲᠦᠷᠭᠡᠨ ᠠᠪᠤᠷᠠᠯᠲᠠ ᠬᠢᠬᠦ ᠬᠥᠮᠦᠵᠢᠯ ᠢ ᠰᠤᠷᠭᠠᠭᠤᠯᠢ ᠶᠢᠨ ᠬᠢᠴᠢᠶᠡᠯ ᠤᠨ ᠳᠡᠪᠲᠡᠷ ᠲᠤ ᠪᠠᠨ ᠣᠷᠣᠭᠤᠯᠵᠤ | ᠬᠢᠴᠢᠶᠡᠯᠯᠡᠨ᠎ᠡ᠃ ᠰᠤᠷᠭᠠᠭᠤᠯᠢ ᠶᠢᠨ ᠡᠮᠴᠢ᠂ ᠪᠡᠶ᠎ᠡ ᠶᠢᠨ ᠲᠠᠮᠢᠷ ᠬᠢᠭᠡᠳ ᠡᠷᠡᠭᠦᠯ ᠡᠩᠬᠡ ᠶᠢᠨ ᠬᠢᠴᠢᠶᠡᠯ ᠤᠨ ᠪᠠᠭᠰᠢ᠂ ᠠᠩᠭᠢ ᠶᠢᠨ ᠡᠷᠬᠢᠯᠡᠭᠴᠢ ᠵᠡᠷᠭᠡ | ᠭᠤᠣᠯᠳᠠᠯᠭ᠎ᠠ ᠲᠠᠢ ᠪᠠᠭᠰᠢ ᠠᠵᠢᠯᠲᠠᠨ ᠠᠵᠢᠯᠴᠢᠳ ᠲᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠪᠣᠯᠪᠠᠰᠤᠷᠠᠯ ᠥᠷᠨᠢᠭᠦᠯᠵᠦ᠂ | 2030 ᠣᠨ ᠪᠣᠯᠬᠤ ᠳᠤ ᠦᠨᠡᠮᠯᠡᠯ ᠠᠪᠤᠭᠰᠠᠨ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠦᠨ᠎ᠡ᠃ ᠪᠠᠭᠰᠢ ᠠᠵᠢᠯᠲᠠᠨ ᠠᠵᠢᠯᠴᠢᠳ ᠲᠤ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠠᠯ᠎ᠠ ᠪᠠᠷ ᠬᠢ ᠪᠠᠭᠰᠢ ᠨᠠᠷ ᠤᠨ ᠪᠣᠯᠪᠠᠰᠤᠷᠠᠯ ᠥᠷᠨᠢᠭᠦᠯᠬᠦ ᠪᠠᠨ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠪᠠ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠠᠳᠠᠭ ᠲᠤ ᠪᠠᠨ 1 ᠲᠤᠰᠬᠠᠢ ︵ᠬᠠᠪᠰᠤᠷᠭᠠᠭᠰᠠᠨ︶ ᠲᠤᠰᠢᠶᠠᠯ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠲᠠᠢ ᠪᠤᠯᠭᠠᠬᠤ ᠪᠠᠷ ᠬᠦᠴᠦᠯᠡᠨ ᠴᠢᠷᠮᠠᠶᠢᠨ᠎ᠠ᠃ ᠲᠦᠷᠭᠡᠨ ᠠᠪᠤᠷᠠᠯᠲᠠ ᠶᠢᠨ ᠬᠥᠮᠦᠵᠢᠯ ᠤᠨ ᠲᠤᠷᠰᠢᠯᠲᠠ ᠶᠢᠨ | ᠴᠡᠭ ᠤᠨ ᠰᠤᠷᠭᠠᠭᠤᠯᠢ᠂ ᠰᠢᠶᠠᠩ ᠪᠠᠯᠭᠠᠰᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠠᠯᠠᠪᠤᠷ ᠭᠠᠵᠠᠷ ᠤᠨ ᠴᠡᠭ ᠲᠣᠭᠲᠠᠭᠠᠭᠰᠠᠨ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠢ ᠤᠶᠠᠯᠳᠤᠭᠤᠯᠤᠨ ᠡᠮᠴᠢᠯᠡᠭᠡᠨ ᠤ ᠲᠦᠷᠭᠡᠨ ᠠᠪᠤᠷᠠᠯᠳᠠ ᠬᠢᠬᠦ ᠲᠥᠬᠦᠭᠡᠷᠦᠮᠵᠢ ᠶᠢ ᠲᠣᠬᠢᠷᠠᠭᠤᠯᠵᠤ᠂ | ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠰᠣᠷᠢᠯᠲᠠ ᠥᠷᠨᠢᠭᠦᠯᠦᠨ᠂ ᠰᠤᠷᠭᠠᠭᠤᠯᠢ ᠶᠢᠨ ᠬᠦᠷᠢᠶᠡᠨ ᠤ ᠬᠢᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠴᠢᠳᠠᠪᠤᠷᠢ ᠶᠢ ᠲᠡᠬᠡᠭᠰᠢᠯᠡᠬᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ᠂ ᠲᠡᠷᠢᠭᠦᠨ ᠳᠤ ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ︶ | 2. ︽ᠠᠪᠤᠷᠠᠯᠲᠠ ᠳᠡᠷᠭᠡᠳᠡ ᠴᠢᠨᠢ • ᠵᠠᠮ ᠬᠠᠷᠢᠯᠴᠠᠭ᠎ᠠ ᠬᠠᠨᠢ ᠪᠣᠯᠣᠶ᠎ᠠ︾ ᠭᠡᠬᠦ ᠠᠵᠢᠯᠯᠠᠭᠠᠨ᠃ ᠲᠦᠷᠢᠶᠡᠰᠦᠨ ᠮᠠᠰᠢᠨ ᠲᠡᠷᠭᠡ ᠵᠡᠷᠭᠡ | ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠠᠶᠠᠨᠴᠢᠳ ᠤᠨ ᠤᠷᠤᠰᠬᠠᠯ ᠶᠡᠬᠡᠲᠡᠢ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠠᠵᠢᠯᠲᠠᠨ ᠪᠠ ᠵᠠᠮ | ᠬᠠᠷᠢᠯᠴᠠᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠡᠷᠴᠢᠮ ᠢᠶᠠᠨ ᠴᠢᠩᠭᠠᠷᠠᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠪᠦᠬᠦᠨ ᠢ ᠬᠠᠮᠤᠷᠬᠤ ᠪᠠᠷ | ᠬᠦᠴᠦᠯᠡᠨ ᠴᠢᠷᠮᠠᠶᠢᠵᠤ᠂ 2030 ᠣᠨ ᠪᠣᠯᠬᠤ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠨᠣᠷᠮ᠎ᠠ ᠶᠢ 30% ᠠᠴᠠ ᠳᠣᠣᠷ᠎ᠠ | ᠦᠭᠡᠢ ᠪᠣᠯᠭᠠᠨ᠎ᠠ᠃ ᠵᠢᠯᠣᠭᠤᠴᠢ ᠶᠢᠨ ᠰᠤᠷᠭᠠᠭᠤᠯᠢ ᠨᠤᠭᠤᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠪᠣᠯᠪᠠᠰᠤᠷᠠᠯ ᠤᠨ ᠰᠢᠯᠭᠠᠬᠤ | ᠠᠭᠤᠯᠭ᠎ᠠ ᠳᠤ ᠪᠠᠨ ᠣᠷᠣᠭᠤᠯᠬᠤ ᠶᠢ ᠨᠢ ᠵᠣᠷᠢᠭᠵᠢᠭᠤᠯᠵᠤ᠂ ᠰᠢᠨ᠎ᠡ ᠪᠠᠷ ᠵᠢᠯᠣᠭᠤᠴᠢ ᠶᠢᠨ ᠦᠨᠡᠮᠯᠡᠯ ᠭᠠᠷᠳᠠᠵᠦ ᠪᠠᠶᠢᠭ᠎ᠠ ᠬᠥᠮᠥᠰ ᠲᠤ ᠬᠠᠨᠳᠤᠭᠤᠯᠤᠭᠰᠠᠨ | ᠪᠣᠯᠪᠠᠰᠤᠷᠠᠯ ᠪᠦᠭᠦᠨ ᠳᠤ ᠬᠠᠮᠤᠷᠤᠭᠤᠯᠬᠤ ᠪᠠᠷ ᠬᠦᠴᠦᠯᠡᠨ ᠴᠢᠷᠮᠠᠶᠢᠨ᠎ᠠ᠃ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠭᠤᠣᠯ ᠪᠣᠯᠬᠤ ᠲᠦᠷᠭᠡᠨ ᠤ ᠲᠡᠮᠦᠷ ᠵᠠᠮ ᠤᠨ | ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠬᠦᠢᠰᠦ᠂ ᠬᠤᠲᠠ ᠶᠢᠨ ᠵᠢᠮᠲᠦ ᠵᠠᠮ ᠬᠠᠷᠢᠯᠴᠠᠭ᠎ᠠ ᠵᠡᠷᠭᠡ ᠥᠷᠲᠡᠭᠡ ᠴᠡᠭ ᠲᠤ ᠡᠮᠴᠢᠯᠡᠭᠡᠨ ᠤ ᠲᠦᠷᠭᠡᠨ ᠠᠪᠤᠷᠠᠯᠲᠠ | ᠬᠢᠬᠦ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠠᠯᠬᠤᠮ ᠠᠯᠬᠤᠮ ᠢᠶᠠᠷ | ᠳᠡᠯᠭᠡᠷᠡᠭᠦᠯᠦᠨ᠎ᠡ᠃ ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠵᠡᠷᠭᠡ ᠳᠤ ᠠᠵᠢᠯᠯᠠᠭᠰᠠᠳ ᠪᠠ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ | ᠳᠤᠷ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠠᠭᠠᠷ ᠤᠨ | ᠲᠡᠭᠡᠭᠡᠪᠦᠷᠢ ᠶᠢᠨ ᠥᠪᠥᠷ ᠮᠣᠩᠭᠤᠯ ᠳᠠᠬᠢ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠳᠦ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠳᠦ | ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ︽ᠠᠪᠤᠷᠠᠯᠲᠠ ᠳᠡᠷᠭᠡᠳᠡ ᠴᠢᠨᠢ • ᠪᠠᠶᠢᠭᠤᠯᠭ᠎ᠠ ᠤᠷᠢᠳ ᠢᠶᠠᠷ ᠬᠥᠳᠡᠯᠦᠯᠴᠡᠶ᠎ᠡ︾ ᠭᠡᠬᠦ ᠠᠵᠢᠯᠯᠠᠭᠠᠨ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠲᠠᠢ ᠬᠠᠮᠲᠤᠷᠠᠯᠴᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ | ᠠᠯᠪᠠᠲᠠᠨ ᠤ ᠠᠩᠬᠠᠨ ᠤ ᠲᠤᠰᠢᠶᠠᠯ ᠳᠤ ᠭᠠᠷᠬᠤ ᠪᠣᠯᠪᠠᠰᠤᠷᠠᠯ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠺᠠᠳ᠋ᠷ ᠤᠨ | ᠪᠣᠯᠪᠠᠰᠤᠷᠠᠯ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠭᠤᠣᠯ ᠴᠣᠭᠴᠠᠲᠤ ᠠᠩᠭᠢ ᠤᠳᠠᠭ᠎ᠠ ᠶᠢᠨ ᠵᠢᠭᠠᠨ ᠰᠤᠷᠭᠠᠯᠲᠠ ᠪᠠ ᠰᠦᠯᠵᠢᠶᠡᠨ ᠤ ᠳᠡᠭᠡᠳᠦ | ᠰᠤᠷᠭᠠᠭᠤᠯᠢ ᠶᠢᠨ ᠰᠤᠷᠤᠯᠴᠠᠬᠤ ᠠᠭᠤᠯᠭ᠎ᠠ ᠳᠤ ᠤᠷᠤᠭᠤᠯᠬᠤ ᠲᠠᠯ᠎ᠠ ᠪᠠᠷ ᠰᠦᠪᠡᠭᠴᠢᠯᠡᠯᠲᠡ ᠬᠢᠵᠦ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ | ᠥᠪᠥᠷ ᠮᠣᠩᠭᠤᠯ ᠤᠨ ᠲᠠᠪᠴᠠᠩ ᠳᠤ ᠳᠡᠯᠭᠡᠨ ᠦᠵᠡᠭᠦᠯᠵᠦ᠂ ᠪᠠᠶᠢᠭᠤᠯᠭ᠎ᠠ ᠶᠢᠨ ᠺᠠᠳ᠋ᠷᠴᠤᠳ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠳᠡᠯᠭᠡ ᠶᠢ | ᠲᠦᠭᠡᠮᠡᠯᠵᠢᠭᠦᠯᠦᠨ᠂ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠮᠡᠷᠭᠡᠰᠢᠯ ᠢ ᠨᠢ ᠳᠡᠭᠡᠭᠰᠢᠯᠡᠭᠦᠯᠦᠨ᠎ᠡ᠃ ᠨᠠᠮ ᠵᠠᠰᠠᠭ ᠤᠨ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ ᠨᠦᠭᠦᠳ ᠢ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠡᠷᠬᠢᠯᠡᠬᠦᠯᠬᠦ ᠪᠠᠷ ᠰᠠᠨᠠᠭᠠᠴᠢᠯᠠᠬᠤ ᠶᠢᠨ ᠬᠠᠮᠲᠤ᠂ | ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠬᠠᠷᠢᠭᠤᠴᠠᠨ᠎ᠠ︶ | 4. ︽ᠠᠪᠤᠷᠠᠯᠲᠠ ᠳᠡᠷᠭᠡᠳᠡ ᠴᠢᠨᠢ • ᠦᠵᠡᠮᠵᠢ ᠶᠢᠨ ᠣᠷᠣᠨ ᠳᠤ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ A ᠲᠠᠰ ᠤᠨ ᠦᠵᠡᠮᠵᠢ ᠶᠢᠨ | ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠳᠤ ᠬᠠᠨᠳᠤᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠪᠣᠯᠪᠠᠰᠤᠷᠠᠯ ᠥᠷᠨᠢᠭᠦᠯᠬᠦ ᠶᠢ ᠠᠬᠢᠭᠤᠯᠵᠤ᠂ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠶᠢᠨ ᠤᠯᠠᠭᠠᠨ | ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠭᠠᠷᠳᠠᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠠᠵᠢᠯᠯᠠᠭ᠎ᠠ ᠶᠢ ᠦᠵᠡᠮᠵᠢ ᠶᠢᠨ ᠣᠷᠣᠨ ᠳᠤ ᠣᠷᠣᠭᠤᠯᠬᠤ ᠶᠢ ᠠᠬᠢᠭᠤᠯᠵᠤ᠂ ᠪᠦᠬᠦ ᠣᠷᠣᠨ ᠤ 3A ᠳᠡᠰ ᠠᠴᠠ ᠳᠡᠭᠡᠭᠰᠢᠬᠢ ᠦᠵᠡᠮᠵᠢ ᠶᠢᠨ | ᠣᠷᠣᠨ ᠪᠦᠭᠦᠨ ᠳᠤ AED ᠮᠠᠰᠢᠨ ᠲᠣᠬᠢᠷᠠᠭᠤᠯᠤᠨ ᠤᠭᠰᠠᠷᠠᠬᠤ ᠶᠢ ᠪᠡᠶᠡᠯᠡᠭᠦᠯᠦᠨ᠂ ᠨᠥᠬᠦᠴᠡᠯ ᠲᠠᠢ 4A ᠲᠠᠰ ᠤᠨ ᠦᠵᠡᠮᠵᠢ ᠶᠢᠨ ᠣᠷᠣᠨ ᠳᠤ ᠤᠯᠠᠭᠠᠨ | ᠵᠠᠭᠠᠯᠮᠠᠶᠢᠲᠠᠨ ᠤ ᠠᠪᠤᠷᠠᠯᠲᠠ ᠶᠢᠨ ᠥᠷᠳᠡᠭᠡ ᠪᠠᠶᠢᠭᠤᠯᠬᠤ ᠶᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ | ᠠᠪᠤᠷᠠᠯᠲᠠ ᠶᠢᠨ ᠥᠷᠲᠡᠭᠡ ᠲᠠᠢ ᠪᠣᠯᠭᠠᠬᠤ ᠶᠢ ᠪᠡᠶᠡᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠲᠤᠷᠠᠴᠤᠳ ᠤᠨ ᠡᠩᠨᠡᠭᠡ ᠶᠢ | ᠪᠦᠷᠢᠨᠰᠢᠭᠦᠯᠵᠦ᠂ ᠤᠰᠤᠨ ᠳᠤ ᠴᠠᠴᠠᠬᠤ ᠦᠵᠡᠭᠳᠡᠯ ᠠᠮᠠᠷᠬᠠᠨ ᠡᠭᠦᠰᠬᠦ ᠭᠤᠣᠯᠳᠠᠯᠭ᠎ᠠ ᠲᠠᠢ ᠣᠷᠣᠨ ᠪᠦᠰᠡ ᠳᠤ ᠤᠰᠤᠨ ᠳᠤ ᠴᠠᠴᠠᠬᠤ ᠶᠢ ᠪᠣᠯᠭᠤᠮᠵᠢᠯᠠᠨ | ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ ︽ᠦᠵᠡᠮᠵᠢ ᠶᠢᠨ ᠣᠷᠣᠨ ᠤ ᠠᠪᠤᠷᠠᠯᠲᠠ ᠶᠢᠨ ᠥᠷᠲᠡᠭᠡ + ᠰᠠᠶᠢᠨ ᠳᠤᠷ᠎ᠠ ᠶᠢᠨ | ᠦᠢᠯᠡᠴᠢᠯᠡᠭᠡᠨ ᠤ ᠰᠠᠭᠤᠷᠢᠨ︾ ᠤ ᠠᠵᠢᠯ ᠤᠨ ᠵᠠᠭᠪᠤᠷ ᠢ ᠢᠳᠡᠪᠬᠢᠲᠡᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠲᠤᠰ ᠲᠤᠰ ᠲᠦᠷᠦᠭᠦᠯᠡᠨ ᠬᠠᠷᠢᠭᠤᠴᠠᠨ᠎ᠠ︶ | 5. ︽ᠠᠪᠤᠷᠠᠯᠲᠠ ᠳᠡᠷᠭᠡᠳᠡ ᠴᠢᠨᠢ • ᠠᠶᠤᠯ ᠦᠭᠡᠢ ᠦᠢᠯᠡᠳᠪᠦᠷᠢᠯᠡᠶ᠎ᠡ︾ ᠭᠡᠬᠦ ᠠᠵᠢᠯᠯᠠᠭᠠᠨ᠃ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠠᠭᠤᠷᠬᠠᠢ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ | ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠳ ᠲᠡᠶᠢᠰᠢ ᠬᠡᠯᠪᠠᠶᠢᠯᠭᠡᠵᠦ᠂ ᠠᠶᠤᠯ ᠶᠡᠬᠡᠲᠡᠢ ᠪᠠ ᠭᠤᠣᠯᠳᠠᠯᠭ᠎ᠠ ᠲᠠᠢ | ᠠᠵᠢᠯ ᠤᠨ ᠪᠠᠶᠢᠷᠢᠨ ᠳᠠᠬᠢ ᠠᠵᠢᠯᠯᠠᠭᠰᠠᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ | ᠨᠡᠮᠡᠭᠳᠡᠭᠦᠯᠦᠨ᠎ᠡ᠃ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ ᠪᠣᠯᠪᠠᠰᠤᠷᠠᠯ ᠪᠠ ᠰᠣᠷᠢᠯᠲᠠ ᠥᠷᠨᠢᠭᠦᠯᠵᠦ᠂ | ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠵᠢᠴᠢ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ | ᠮᠡᠷᠭᠡᠰᠢᠯ ᠢ ᠨᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠤᠰ ᠤᠨ | ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ ᠬᠠᠷᠢᠭᠤᠴᠠᠨ᠎ᠠ︶ | 6. ︽ᠠᠪᠤᠷᠠᠯᠲᠠ ᠳᠡᠷᠭᠡᠳᠡ ᠴᠢᠨᠢ • ᠪᠡᠶ᠎ᠡ ᠶᠢᠨ ᠲᠠᠮᠢᠷ ᠬᠠᠨᠢ ᠪᠣᠯᠣᠶ᠎ᠠ︾ ᠭᠡᠬᠦ ᠠᠵᠢᠯᠯᠠᠭᠠᠨ᠃ ᠪᠡᠶ᠎ᠡ ᠶᠢᠨ ᠲᠠᠮᠢᠷ ᠤᠨ ᠲᠠᠯᠠᠪᠤᠷ ︵ᠣᠷᠳᠣᠨ︶ ᠲᠠᠬᠢ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠲᠠᠯᠠᠪᠤᠷ ᠣᠷᠳᠣᠨ ᠤ | ᠠᠵᠢᠯᠲᠠᠳ᠂ ᠲᠠᠮᠢᠷ ᠤᠨ ᠠᠩᠭᠢ ᠶᠢᠨ ᠰᠢᠯᠢᠳᠡᠭ ᠳᠠᠰᠬᠠᠯᠵᠢᠭᠤᠯᠤᠭᠴᠢ ᠪᠠ ᠲᠠᠮᠢᠷᠴᠢᠨ ᠵᠢᠴᠢ ᠲᠤᠰᠠᠯᠠᠬᠤ ᠠᠵᠢᠯᠲᠠᠳ ᠲᠤ ᠬᠠᠨᠳᠤᠭᠤᠯᠵᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠦᠨ᠂ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠦᠷᠭᠦᠯᠵᠢᠯᠡᠨ | ᠳᠡᠬᠡᠭᠰᠢᠯᠡᠬᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠮᠡᠷᠭᠡᠰᠢᠯ ᠲᠠᠢ ᠲᠤᠰᠬᠠᠢ ᠮᠡᠷᠭᠡᠵᠢᠯ ᠤᠨ ᠰᠠᠶᠢᠨ ᠳᠤᠷᠠᠴᠤᠳ ᠢ ᠴᠢᠬᠤᠯᠠ ᠶᠡᠭᠡ | ᠤᠷᠤᠯᠳᠤᠭᠠᠨ ᠪᠠ ᠠᠵᠢᠯᠯᠠᠭ᠎ᠠ ᠳᠠᠬᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠠᠯᠠᠮᠵᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠳᠤ | ᠤᠷᠤᠯᠴᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ | ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ ᠭᠡᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 7. ︽ᠠᠪᠤᠷᠠᠯᠲᠠ ᠳᠡᠷᠭᠡᠳᠡ ᠴᠢᠨᠢ • ᠰᠠᠶᠢᠨ ᠳᠤᠷ᠎ᠠ ᠶᠢᠨ ᠦᠢᠯᠡᠴᠢᠯᠡᠭᠡ ᠬᠠᠮᠲᠤ ᠠᠶᠠᠯᠠᠶ᠎ᠠ︾ ᠭᠡᠬᠦ ᠠᠵᠢᠯᠯᠠᠭᠠᠨ᠃ ᠡᠷᠡᠭᠦᠯ ᠡᠩᠬᠡ ᠳᠤᠮᠳᠠᠳᠤ | ᠤᠯᠤᠰ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠠᠶᠢᠨ ᠳᠤᠷ᠎ᠠ ᠶᠢᠨ ᠦᠢᠯᠡᠴᠢᠯᠡᠭᠡ ᠶᠢ ᠠᠬᠢᠭᠤᠯᠵᠤ᠂ ᠴᠢᠬᠤᠯᠠ | ᠪᠠᠶᠠᠷ ᠳᠤᠷᠠᠰᠬᠠᠯ ᠤᠨ ᠡᠳᠦᠷ ᠵᠡᠷᠭᠡ ᠲᠣᠬᠢᠶᠠᠯ ᠢ ᠠᠮᠵᠢᠭᠤᠯᠤᠨ᠂ ᠰᠢᠷᠢᠰ ᠭᠤᠣᠯ ᠰᠡᠳᠦᠪᠲᠦ ᠤᠬᠠᠭᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠴᠤᠤᠷᠢᠶᠠᠳᠠᠨ ᠳᠠᠭᠠᠬᠤ ᠪᠠ ᠣᠯᠠᠨ ᠲᠦᠮᠡᠨ ᠤ | ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠵᠦ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠠᠯᠪᠠᠨ ᠭᠡᠷ ᠲᠠᠢ ᠬᠠᠮᠲᠤᠷᠠᠨ ︽ᠠᠪᠤᠷᠠᠯᠲᠠ ᠳᠡᠷᠭᠡᠳᠡ ᠴᠢᠨᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ︽ᠪᠣᠯᠪᠠᠰᠤᠨ ᠰᠤᠷᠲᠠᠯ ᠢ ᠤᠯᠠᠮᠵᠢᠯᠠᠨ • ᠠᠮᠢ ᠨᠠᠰᠤ ᠶᠢ ᠬᠠᠮᠠᠭᠠᠯᠠᠰᠤᠭᠠᠢ︾ ᠭᠤᠣᠯ ᠰᠡᠳᠦᠪᠲᠦ ᠠᠵᠢᠯᠯᠠᠭ᠎ᠠ ᠳᠤ | ᠣᠷᠣᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠳᠤ ᠨᠢ ᠳᠡᠮᠵᠢᠯᠭᠡ ᠦᠵᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ | ᠭᠡᠷ ᠬᠠᠷᠢᠭᠤᠴᠠᠨ᠎ᠠ︶ | 8. ︽ᠠᠪᠤᠷᠠᠯᠲᠠ ᠳᠡᠷᠭᠡᠳᠡ ᠴᠢᠨᠢ • ᠨᠠᠰᠤᠲᠠᠨ ᠢ ᠠᠰᠠᠷᠠᠨ ᠬᠠᠷᠠᠭᠠᠯᠵᠠᠵᠤ ᠬᠠᠶᠢᠷᠠᠯᠠᠨ ᠬᠠᠮᠠᠭᠠᠯᠠᠶ᠎ᠠ︾ ᠭᠡᠬᠦ ᠠᠵᠢᠯᠯᠠᠭᠠᠨ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠭᠦᠨᠵᠡᠭᠡᠢ ᠠᠬᠢᠭᠤᠯᠵᠤ᠂ ᠡᠷᠡᠭᠦᠯᠵᠢᠯ | ᠰᠤᠪᠢᠯᠠᠯᠲᠠ ᠶᠢᠨ ᠬᠤᠯᠪᠣᠭᠠᠲᠤ ᠴᠣᠭᠴᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ | ᠪᠣᠯᠪᠠᠰᠤᠷᠠᠯ ᠤᠨ ᠲᠠᠯᠠᠪᠤᠷ ᠭᠠᠵᠠᠷ ᠪᠠᠶᠢᠭᠤᠯᠤᠨ᠂ ᠨᠠᠰᠤᠲᠠᠨ ᠢ ᠠᠰᠠᠷᠠᠬᠤ ᠠᠰᠠᠷᠠᠨ ᠰᠤᠪᠢᠯᠠᠭᠴᠢᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ | ᠦᠨᠡᠮᠯᠡᠯ ᠠᠪᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 9. ︽ᠠᠪᠤᠷᠠᠯᠲᠠ ᠳᠡᠷᠭᠡᠳᠡ ᠴᠢᠨᠢ • ᠠᠪᠤᠷᠠᠨ ᠲᠤᠰᠠᠯᠠᠬᠤ ᠬᠤᠰᠢᠭᠤᠴᠢ ᠪᠣᠯᠣᠶ᠎ᠠ︾ ᠭᠡᠬᠦ ᠠᠵᠢᠯᠯᠠᠭᠠᠨ᠃ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ | ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ᠂ ᠠᠭᠤᠷᠬᠠᠢ ᠶᠢᠨ ᠠᠪᠤᠷᠠᠨ ᠲᠤᠰᠠᠯᠠᠬᠤ ᠬᠦᠴᠦᠨ ᠳᠤ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠪᠠᠨ ᠴᠢᠩᠭᠠᠳᠬᠠᠵᠤ᠂ 2030 ᠣᠨ ᠪᠣᠯᠬᠤ ᠳᠤ ᠤᠯᠠᠭᠠᠨ ᠵᠠᠭᠠᠯᠮᠠᠶᠢᠲᠠᠨ ᠤ | ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠬᠠᠷᠢᠴᠠᠯ ᠢ 80% ᠠᠴᠠ ᠳᠣᠣᠷ᠎ᠠ ᠦᠭᠡᠢ ᠪᠠᠶᠢᠯᠭᠠᠨ᠂ ᠨᠥᠬᠦᠴᠡᠯ ᠲᠠᠢ ᠨᠡᠶᠢᠭᠡᠮ ᠤᠨ ᠠᠪᠤᠷᠠᠨ ᠲᠤᠰᠠᠯᠠᠬᠤ | ᠬᠦᠴᠦᠨ ᠤ ᠬᠢᠨ ᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠠᠪᠤᠷᠠᠨ | ᠲᠤᠰᠠᠯᠠᠬᠤ ᠠᠩᠭᠢ ᠶᠢᠨ ᠭᠡᠰᠢᠭᠦᠳ ᠤᠨ ᠳᠣᠲᠣᠷ᠎ᠠ ᠨᠢᠭᠡ ᠪᠦᠯᠦᠭ ᠠᠪᠤᠷᠠᠨ ᠲᠤᠰᠠᠯᠠᠬᠤ ᠪᠠᠭᠰᠢ ᠨᠠᠷ ᠢ ᠬᠥᠮᠥᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠨ ᠲᠤᠰᠠᠯᠠᠬᠤ ᠠᠩᠭᠢ ᠶᠢᠨ ᠥᠪᠡᠷ ᠢ ᠪᠠᠨ ᠦᠪᠡᠰᠦᠪᠡᠨ ᠪᠣᠯᠪᠠᠰᠤᠷᠠᠭᠤᠯᠬᠤ ᠴᠢᠳᠠᠪᠤᠷᠢ ᠶᠢ ᠨᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ | ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ | ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 10. ︽ᠠᠪᠤᠷᠠᠯᠲᠠ ᠳᠡᠷᠭᠡᠳᠡ ᠴᠢᠨᠢ • ᠬᠢᠯᠢ ᠬᠢᠵᠠᠭᠠᠷ ᠢᠶᠠᠨ ᠰᠠᠬᠢᠨ ᠬᠠᠮᠠᠭᠠᠯᠠᠶ᠎ᠠ︾ ᠭᠡᠬᠦ ᠠᠵᠢᠯᠯᠠᠭᠠᠨ᠃ ᠬᠢᠯᠢ ᠶᠢᠨ ᠬᠤᠰᠢᠭᠤ ᠬᠤᠲᠠ ᠳᠤ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠲᠦᠭᠡᠮᠡᠯᠵᠢᠭᠦᠯᠬᠦ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ | ᠰᠠᠯᠪᠤᠷᠢ ᠶᠢᠨ ᠺᠠᠳ᠋ᠷ ᠴᠠᠭᠳᠠᠭ᠎ᠠ᠂ ᠬᠢᠯᠢ ᠬᠠᠮᠠᠭᠠᠯᠠᠭᠴᠢ᠂ ᠪᠠᠬᠢᠯᠡᠯᠲᠡᠲᠦ ᠡᠷᠦᠬᠡ ᠨᠦᠭᠦᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ | ᠬᠠᠷᠢᠴᠠᠯ ᠢ ᠭᠤᠣᠯᠳᠠᠯᠭ᠎ᠠ ᠲᠠᠢ ᠲᠡᠬᠡᠭᠰᠢᠯᠡᠬᠦᠯᠦᠨ᠎ᠡ᠃ ᠬᠢᠯᠢ ᠶᠢᠨ ᠬᠤᠰᠢᠭᠤ ᠬᠤᠲᠠ ᠳᠠᠬᠢ ᠲᠦᠷᠭᠡᠨ ᠠᠪᠤᠷᠠᠯᠲᠠ ᠶᠢᠨ ᠬᠠᠶᠢᠷᠴᠠᠭ ︵ᠪᠣᠭᠴᠣ︶᠂ AED | ᠮᠠᠰᠢᠨ ᠤ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ | | 1. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠨᠠᠷ ᠤᠨ ᠡᠩᠨᠡᠭᠡ ᠶᠢ ᠪᠤᠶᠢᠵᠢᠭᠤᠯᠬᠤ ᠪᠠᠨ ᠴᠢᠩᠭᠠᠷᠠᠭᠤᠯᠤᠨ᠂ ᠠᠶᠢᠮᠠᠭ | ᠬᠤᠲᠠ ᠶᠢᠨ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠶᠢ | ᠠᠳᠠᠭ ᠲᠤ ᠪᠠᠨ 3 ᠪᠠᠶᠢᠯᠭᠠᠵᠤ᠂ ᠬᠤᠰᠢᠭᠤ ᠰᠢᠶᠠᠨ ᠤ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠲᠤᠰᠬᠠᠢ ᠲᠤᠰᠢᠶᠠᠯᠲᠤ ᠪᠠᠭᠰᠢ ᠶᠢ ᠠᠳᠠᠭ ᠲᠤ ᠪᠠᠨ 2 ᠪᠠᠶᠢᠯᠭᠠᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠡᠩ ᠲᠡᠷᠢᠭᠦᠨ ᠳᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠳ ᠤᠨ ᠲᠤᠰᠬᠠᠢ ᠮᠡᠷᠭᠡᠵᠢᠯ ᠤᠨ ᠠᠵᠢᠯᠲᠠᠳ ᠤᠨ | ᠳᠣᠲᠣᠷ᠎ᠠ ᠠᠴᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠶᠢ ᠬᠥᠮᠥᠵᠢᠭᠦᠯᠦᠨ᠎ᠡ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠳᠤ ᠣᠷᠣᠯᠴᠠᠬᠤ | ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠂ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠳᠤ ᠤᠷᠤᠭᠤᠯᠬᠤ ᠶᠢ ᠵᠥᠪᠰᠢᠶᠡᠷᠡᠬᠦ ᠬᠢᠭᠡᠳ ᠡᠩᠨᠡᠭᠡᠨ ᠠᠴᠠ ᠪᠤᠴᠠᠭᠠᠨ ᠭᠠᠷᠭᠠᠬᠤ᠂ ᠤᠷᠮᠠᠰᠢᠭᠤᠯᠬᠤ | ᠬᠢᠭᠡᠳ ᠰᠢᠯᠭᠠᠨ ᠬᠢᠨᠠᠬᠤ ᠵᠡᠷᠭᠡ ᠬᠠᠮᠢᠶ᠎ᠠ ᠪᠦᠬᠦᠢ ᠳᠦᠷᠢᠮ ᠤᠳ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠪᠠᠭᠰᠢ ᠶᠢᠨ ᠬᠢᠷᠢ ᠭᠡᠮ ᠢ ᠵᠡᠷᠭᠡ ᠳᠡᠰ ᠬᠤᠪᠢᠶᠠᠬᠤ | ᠪᠤᠶᠤ ᠤᠳᠤᠨ ᠲᠡᠰ ᠰᠢᠯᠭᠠᠷᠠᠭᠤᠯᠵᠤ ᠦᠨᠡᠯᠡᠨ ᠬᠠᠮᠢᠶᠠᠷᠬᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ᠂ ᠮᠡᠷᠭᠡᠰᠢᠯ ᠴᠢᠳᠠᠪᠤᠷᠢ ᠶᠢᠨ ᠤᠷᠤᠯᠳᠤᠭᠠᠨ | ᠥᠷᠨᠢᠭᠦᠯᠬᠦ ᠵᠡᠷᠭᠡ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠨ᠂ ᠪᠠᠭᠰᠢ ᠨᠠᠷ ᠤᠨ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠵᠢᠯᠴᠢᠨ ᠤ ᠶᠡᠷᠦᠩᠬᠡᠢ ᠡᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠪᠣᠯᠪᠠᠰᠤᠷᠠᠯ ᠤᠨ | ᠬᠠᠮᠢᠶᠠᠷᠤᠯᠲᠠ ᠶᠢ ᠴᠢᠩᠭᠠᠳᠬᠠᠨ᠎ᠠ᠃ | 1. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ | ᠨᠢᠭᠡ ᠪᠦᠯᠦᠭ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠰᠠᠭᠤᠷᠢᠨ᠂ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ | ᠣᠷᠳᠣᠨ ︵ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ︶ ᠢ ᠪᠠᠶᠢᠭᠤᠯᠵᠤ᠂ 2030 ᠣᠨ ᠪᠣᠯᠬᠤ ᠳᠤ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ | ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ︵ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ︶ ᠢ ᠠᠳᠠᠭ ᠲᠤ ᠪᠠᠨ 1 ᠭᠠᠷᠭᠠᠬᠤ ᠪᠠᠷ | ᠴᠢᠷᠮᠠᠶᠢᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠢᠭᠡᠨᠲᠡ ᠪᠠᠶᠢᠭ᠎ᠠ ᠪᠣᠯᠪᠠᠰᠤᠷᠠᠯ ᠤᠨ ᠵᠢᠭᠰᠠᠭᠠᠯ ᠤᠨ ᠭᠠᠵᠠᠷ ᠢ ᠲᠥᠪᠯᠡᠷᠡᠭᠦᠯᠦᠨ ᠵᠢᠭᠠᠨ ᠰᠤᠷᠭᠠᠬᠤ᠂ | ᠪᠣᠯᠪᠠᠰᠤᠷᠠᠯ ᠬᠢᠬᠦ᠂ ᠮᠡᠳᠡᠯᠭᠡ ᠲᠦᠭᠡᠮᠡᠯᠵᠢᠭᠦᠯᠬᠦ ᠪᠠ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠠᠭᠤᠷᠢᠨ ᠲᠡᠶᠢᠰᠢ | ᠠᠯᠬᠤᠮ ᠠᠯᠬᠤᠮ ᠢᠶᠠᠷ ᠬᠥᠭᠵᠢᠭᠦᠯᠦᠨ ᠥᠷᠭᠡᠳᠬᠡᠨ᠎ᠡ᠃ ᠨᠥᠬᠦᠴᠡᠯ ᠲᠠᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠣᠳᠣ ᠶᠢᠨ ᠪᠠᠶᠢᠭ᠎ᠠ ᠲᠠᠯᠠᠪᠤᠷ ᠭᠠᠵᠠᠷ ᠢᠶᠠᠨ ᠠᠰᠢᠭᠯᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠤ ᠬᠠᠮᠢᠶ᠎ᠠ ᠪᠦᠬᠦᠢ ᠪᠣᠯᠪᠠᠰᠤᠷᠠᠯ ᠥᠷᠨᠢᠭᠦᠯᠬᠦ ᠳᠤ | ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶ | 2. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠬᠦᠢᠰᠦ ᠪᠤᠶᠤ ᠦᠢᠯᠡᠴᠢᠯᠡᠭᠡᠨ ᠤ ᠲᠠᠯᠠᠪᠤᠷ ᠥᠷᠲᠡᠭᠡ | ᠵᠡᠷᠭᠡ ᠳᠤ ᠠᠪᠤᠷᠠᠯᠲᠠ ᠶᠢᠨ ᠥᠷᠲᠡᠭᠡ ᠪᠠᠶᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠨᠤᠭᠤᠳ ᠲᠤ ᠨᠡᠶᠢᠳᠡᠮ ᠲᠦᠷᠭᠡᠨ ᠠᠪᠤᠷᠠᠯᠲᠠ ᠶᠢᠨ | ᠬᠠᠶᠢᠷᠴᠠᠭ ᠢ ᠪᠡᠯᠡᠳᠬᠡᠨ ᠲᠣᠬᠢᠷᠠᠭᠤᠯᠤᠨ᠎ᠠ᠃ ᠰᠤᠷᠭᠠᠭᠤᠯᠢ ᠨᠤᠭᠤᠳ ᠨᠢ ᠭᠦᠢᠴᠡᠳ ᠬᠡᠮᠵᠢᠶᠡᠨ ᠤ ᠪᠣᠳᠠᠲᠤ ᠬᠡᠷᠡᠭᠴᠡᠭᠡ ᠲᠠᠢ ᠲᠦᠷᠭᠡᠨ ᠠᠪᠤᠷᠠᠯᠲᠠ ᠶᠢᠨ | ᠬᠠᠶᠢᠷᠴᠠᠭ ᠢ ᠪᠡᠯᠡᠳᠬᠡᠨ ᠲᠣᠬᠢᠷᠠᠭᠤᠯᠵᠤ᠂ ᠨᠥᠬᠦᠴᠡᠯ ᠲᠠᠢ ᠰᠤᠷᠭᠠᠭᠤᠯᠢ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠨᠢᠭᠡ ᠴᠣᠭᠴᠠᠵᠢᠭᠤᠯᠤᠭᠰᠠᠨ | ᠮᠠᠰᠢᠨ ᠵᠡᠷᠭᠡ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠪᠡᠯᠡᠳᠬᠡᠨ ᠲᠣᠬᠢᠷᠠᠭᠤᠯᠵᠤ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠲᠣᠬᠢᠷᠠᠭᠤᠯᠤᠨ ᠪᠠᠶᠢᠷᠢᠯᠠᠭᠤᠯᠬᠤ ᠶᠢ ᠠᠬᠢᠭᠤᠯᠤᠨ᠎ᠠ᠃ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠭᠠᠵᠠᠷ | ᠳᠣᠣᠷᠠᠬᠢ ᠲᠡᠮᠦᠷ ᠵᠠᠮ ᠤᠨ ᠥᠷᠲᠡᠭᠡ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠵᠠᠰᠠᠭ ᠵᠠᠬᠢᠷᠭᠠᠨ ᠤ ᠲᠥᠪ᠂ ᠲᠣᠮᠣ ᠬᠡᠯᠪᠡᠷᠢ ᠶᠢᠨ ᠬᠤᠳᠠᠯᠳᠤᠭᠠᠨ ᠤ ᠭᠠᠵᠠᠷ | ᠬᠡᠲᠦ ᠳᠡᠯᠭᠡᠭᠦᠷ ᠵᠡᠷᠭᠡ ᠬᠥᠮᠥᠨ ᠬᠠᠷ᠎ᠠ ᠣᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠤᠭᠰᠠᠷᠠᠨ ᠲᠣᠬᠢᠷᠠᠭᠤᠯᠵᠤ᠂ ᠨᠥᠬᠦᠴᠡᠯ ᠲᠠᠢ | ᠲᠦᠷᠭᠡᠨ ᠠᠪᠤᠷᠠᠬᠤ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ ᠳᠤ ᠠᠯᠬᠤᠮ ᠠᠯᠬᠤᠮ ᠢᠶᠠᠷ ᠤᠭᠰᠠᠷᠠᠨ ᠲᠣᠬᠢᠷᠠᠭᠤᠯᠬᠤ ᠶᠢ ᠵᠣᠷᠢᠭᠵᠢᠭᠤᠯᠤᠨ᠎ᠠ᠃ | AED ᠮᠠᠰᠢᠨ ᠤᠭᠰᠠᠷᠠᠨ ᠲᠣᠬᠢᠷᠠᠭᠤᠯᠤᠭᠰᠠᠨ ᠨᠢᠭᠡᠴᠢ ᠨᠢ ᠬᠠᠮᠠᠭᠠᠯᠠᠵᠤ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ AED ᠮᠠᠰᠢᠨ ᠤ ᠬᠡᠷᠡᠭᠯᠡᠵᠦ | ᠪᠣᠯᠬᠤ ᠪᠠ ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ AED ᠮᠠᠰᠢᠨ ᠢ ᠬᠡᠷᠡᠭᠯᠡᠬᠦ ᠪᠣᠯᠪᠠᠰᠤᠷᠠᠯ ᠢ ᠰᠠᠶᠢᠲᠤᠷ ᠠᠳᠬᠤᠵᠤ᠂ ᠠᠳᠠᠭ ᠲᠤ ᠪᠠᠨ | 1: 10 ᠬᠠᠷᠢᠴᠠᠯ ᠢᠶᠠᠷ ᠦᠨᠡᠮᠯᠡᠯ ᠲᠠᠢ ᠠᠪᠤᠷᠠᠯᠲᠠ ᠬᠢᠭᠴᠢ ᠶᠢ ᠪᠣᠯᠪᠠᠰᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ︶ | 4. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠪᠠ ᠬᠠᠮᠢᠶᠠᠷᠤᠯᠲᠠ ᠶᠢᠨ ᠬᠡᠪ ᠵᠠᠭᠪᠤᠷ ᠢ ᠵᠢᠷᠤᠮᠵᠢᠭᠤᠯᠤᠨ᠎ᠠ᠃ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠯᠪᠠᠰᠤᠷᠠᠯ ᠤᠨ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠪᠣᠯᠪᠠᠰᠤᠷᠠᠯ ᠤᠨ ︽ᠵᠢᠭᠠᠬᠤ ᠰᠢᠯᠭᠠᠬᠤ ᠶᠢ | ᠰᠠᠯᠭᠠᠨ ᠲᠤᠰᠠᠭᠠᠷᠯᠠᠬᠤ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠰᠢᠯᠭᠠᠭᠴᠢ ᠶᠢᠨ ᠡᠩᠨᠡᠭᠡ ᠶᠢ ᠵᠣᠬᠢᠶᠠᠨ | ᠪᠠᠶᠢᠭᠤᠯᠵᠤ᠂ ᠠᠪᠤᠷᠠᠯᠲᠠ ᠬᠢᠭᠴᠢ ᠶᠢᠨ ᠦᠨᠡᠮᠯᠡᠯ ᠠᠪᠬᠤ ᠰᠢᠯᠭᠠᠯᠲᠠ ᠶᠢ ᠨᠢᠭᠡᠳᠦᠯᠲᠡᠢ ᠬᠠᠮᠢᠶᠠᠷᠬᠤ ᠪᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠪᠤᠶᠤ | ᠬᠢᠷᠢ ᠭᠡᠮ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠪᠣᠯᠪᠠᠰᠤᠷᠠᠯ ᠡᠷᠬᠢᠯᠡᠬᠦ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠨᠡᠶᠢᠭᠡᠮᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠶᠢ ᠲᠣᠭᠠᠵᠢᠭᠤᠯᠵᠤ ᠣᠶᠤᠨᠴᠢᠯᠠᠬᠤ ᠪᠠᠨ ᠠᠬᠢᠭᠤᠯᠤᠨ᠎ᠠ᠃ | 1. ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠰᠢᠰᠲ᠋ᠧᠮ ᠢ ᠲᠦᠷᠭᠡᠳᠬᠡᠨ | ᠳᠡᠯᠭᠡᠷᠡᠭᠦᠯᠦᠨ ᠬᠡᠷᠡᠭᠯᠡᠨ᠎ᠡ᠃ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠮᠡᠳᠡᠭᠡ ᠵᠠᠩᠭᠢ ᠶᠢᠨ ᠨᠢᠭᠡ ᠴᠣᠭᠴᠠᠵᠢᠭᠤᠯᠤᠭᠰᠠᠨ ᠬᠡᠷᠡᠭᠯᠡᠭᠡᠨ ᠤ ᠰᠢᠰᠲ᠋ᠧᠮ ᠤᠨ | ᠬᠡᠷᠡᠭᠯᠡᠯᠲᠡ ᠶᠢ ᠲᠡᠭᠦᠯᠳᠡᠷᠵᠢᠭᠦᠯᠦᠨ ᠳᠡᠯᠭᠡᠷᠡᠭᠦᠯᠵᠦ᠂ ︽ᠮᠥᠩᠬᠡ ᠰᠤᠪᠠᠭ︾ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ | ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠦᠢᠯᠡᠴᠢᠯᠡᠭᠡ ᠭᠠᠷᠭᠠᠵᠤ᠂ ᠣᠯᠠᠨ ᠨᠡᠶᠢᠲᠡ ᠶᠢᠨ ᠰᠦᠯᠵᠢᠶᠡᠨ ᠳᠡᠭᠡᠷ᠎ᠡ᠂ | ᠠᠯᠠᠭᠠᠨ ᠳᠤ ᠪᠠᠨ ᠠᠪᠤᠨ ᠰᠤᠷᠬᠤ ᠳᠤ ᠨᠢ ᠲᠥᠬᠦᠮ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 2. ᠣᠯᠠᠨ ᠰᠢᠰᠲ᠋ᠧᠮ ᠢ ᠰᠤᠨᠳᠠᠯᠠᠭᠰᠠᠨ ᠬᠠᠮᠵᠢᠯᠴᠠᠨ ᠠᠵᠢᠯᠯᠠᠬᠤ ᠬᠡᠷᠡᠭᠯᠡᠭᠡᠨ ᠤ ᠪᠠᠶᠢᠳᠠᠯ ᠢ ᠪᠣᠢ ᠪᠣᠯᠭᠠᠨ᠎ᠠ᠃ 120 ᠲᠦᠷᠭᠡᠨ ᠠᠪᠤᠷᠠᠯᠲᠠ ᠶᠢᠨ | ᠵᠢᠯᠤᠭᠤᠳᠬᠤ ᠰᠢᠰᠲ᠋ᠧᠮ᠂ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠ AED ᠮᠠᠰᠢᠨ ᠤ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ ᠲᠤᠭ᠎ᠠ ᠪᠠᠷᠢᠮᠲᠠ ᠪᠠᠨ ᠬᠠᠮᠲᠤ ᠳᠤ ᠪᠠᠨ ᠬᠦᠷᠲᠡᠬᠦ ᠶᠢ ᠠᠯᠬᠤᠮ | ᠠᠯᠬᠤᠮ ᠢᠶᠠᠷ ᠠᠬᠢᠭᠤᠯᠵᠤ᠂ ︽ᠨᠢᠭᠡᠳᠦᠭᠡᠷ ᠤᠷᠢᠶᠠᠯᠠᠨ ᠳᠠᠭᠠᠨᠨᠴᠢ︾ ᠶᠢᠨ ᠦᠢᠯᠡᠳᠦᠯ ᠢ ᠨᠡᠩ ᠪᠦᠲᠦᠮᠵᠢᠲᠡᠶ ᠪᠠᠳᠠᠷᠠᠭᠤᠯᠤᠨ᠎ᠠ᠃ A ᠳᠡᠰ ᠤᠨ ᠦᠵᠡᠮᠵᠢ ᠶᠢᠨ | ᠣᠷᠣᠨ᠂ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠡᠷᠭᠡ ᠬᠥᠮᠥᠨ ᠬᠠᠷ᠎ᠠ ᠣᠯᠠᠨᠲᠠᠢ ᠲᠠᠯᠠᠪᠤᠷ ᠭᠠᠵᠠᠷ ᠲᠤ | ᠭᠤᠣᠯᠳᠠᠯᠭ᠎ᠠ ᠲᠠᠢ ᠳᠡᠯᠭᠡᠷᠡᠭᠦᠯᠦᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ | ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ︶ | 3. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠠᠬᠢᠭᠤᠯᠤᠨ᠎ᠠ᠃ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠣᠯᠠᠨ ᠨᠡᠶᠢᠲᠡ ᠶᠢᠨ ᠲᠠᠯᠠᠪᠤᠷ ᠭᠠᠵᠠᠷ ᠤᠨ AED ᠮᠠᠰᠢᠨ᠂ | ᠲᠦᠷᠭᠡᠨ ᠠᠪᠤᠷᠠᠯᠲᠠ ᠶᠢᠨ ᠲᠥᠬᠦᠭᠡᠷᠦᠮᠵᠢ ᠵᠡᠷᠭᠡ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠᠨ ᠲᠤᠰ ᠲᠤᠰ ᠬᠠᠷᠢᠭᠤᠴᠠᠨ᠎ᠠ᠃ ︵ᠥᠪᠡᠷᠲᠡᠭᠡᠨ ᠵᠠᠰᠠᠬᠤ ᠣᠷᠣᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ︶ | ︵ᠲᠠᠪᠤ︶ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ | ᠴᠢᠩᠭᠠᠳᠬᠠᠨ᠎ᠠ᠃ | 1. ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠲᠠᠢ ᠬᠠᠮᠲᠤᠷᠠᠨ᠂ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠳᠤ ᠠᠭᠤᠰᠤᠯᠴᠠᠭᠤᠯᠬᠤ ᠪᠥᠭᠡᠳ ᠣᠶᠤᠨ ᠤ ᠪᠣᠯᠪᠠᠰᠤᠨ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠡᠭᠦᠳᠦᠨ ᠪᠠᠶᠢᠭᠤᠯᠬᠤ | ᠠᠵᠢᠯᠯᠠᠭ᠎ᠠ ᠳᠤ ᠠᠭᠤᠰᠤᠯᠴᠠᠭᠤᠯᠤᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦᠳᠡ ᠶᠢᠨ ᠤᠬᠠᠭᠤᠯᠭ᠎ᠠ ᠬᠥᠮᠦᠵᠢᠯ ᠤᠨ ᠠᠭᠤᠯᠭ᠎ᠠ ᠳᠤ | ᠣᠷᠣᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ | ᠬᠠᠷᠢᠭᠤᠴᠠᠨ᠎ᠠ︶ | 2. ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠥᠷᠨᠢᠭᠦᠯᠦᠨ᠎ᠡ᠃ ᠳᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ᠂ | ᠳᠡᠯᠡᠬᠡᠢ ᠶᠢᠨ ᠲᠦᠷᠭᠡᠨ ᠠᠪᠤᠷᠠᠯᠲᠠ ᠶᠢᠨ ᠡᠳᠦᠷ᠂ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ᠂ ᠪᠥᠬᠦ ᠤᠯᠤᠰ ᠤᠨ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠥᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠰᠠᠷ᠎ᠠ ᠵᠡᠷᠭᠡ | ᠴᠠᠭ ᠬᠤᠭᠤᠴᠠᠭ᠎ᠠ ᠲᠠᠢ ᠤᠶᠠᠯᠳᠤᠭᠤᠯᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠲᠥᠪᠯᠡᠷᠡᠭᠦᠯᠦᠨ ᠥᠷᠨᠢᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠬᠠᠷᠢᠭᠤᠴᠠᠨ᠎ᠠ︶ | 3. ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠶᠢ ᠥᠷᠭᠡᠨ ᠢᠶᠠᠷ ᠬᠡᠷᠡᠭᠯᠡᠨ᠎ᠡ᠃ ᠡᠯ᠎ᠡ ᠱᠠᠲᠤᠨ ᠤ | ᠵᠠᠭᠤᠴᠢᠯᠠᠭᠤᠷ ᠤᠨ ᠲᠠᠪᠴᠠᠩ ᠤᠳ ᠲᠤ ᠲᠦᠰᠢᠭᠯᠡᠨ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ ᠵᠠᠷ ᠮᠡᠳᠡᠭᠡ ᠤᠬᠠᠭᠤᠯᠭ᠎ᠠ ᠶᠢᠨ ᠪᠡᠯᠡᠳᠬᠡᠮᠵᠢ ᠶᠢ ᠠᠰᠢᠭᠯᠠᠨ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠤᠨ ᠸᠢᠳᠢᠤ᠋ ᠪᠠ ᠪᠢᠴᠢᠯᠭᠡ ᠵᠢᠷᠤᠭ ᠦᠰᠦᠭ ᠪᠢᠴᠢᠭ ᠢᠶᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ | ᠬᠢᠬᠦ ᠮᠡᠳᠡᠯᠭᠡ ᠪᠠ ᠮᠡᠷᠭᠡᠰᠢᠯ ᠢ ᠲᠥᠭᠡᠮᠡᠯᠵᠢᠯᠡᠨ ᠳᠡᠯᠭᠡᠷᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠪᠠ ︽ | ᠡᠭᠦᠯᠡᠨ ᠳᠡᠭᠡᠷ᠎ᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠳᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ | ᠬᠢᠬᠦ ᠮᠡᠳᠡᠯᠭᠡ ᠶᠢ ᠲᠦᠭᠡᠮᠡᠯᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠥᠷ ᠮᠣᠩᠭᠤᠯ ᠤᠨ ᠷᠠᠳᠢᠣ᠋ ᠲᠧᠯᠸᠢᠰ | ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ︶ |