ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ 3
ᠨᠡᠶᠢᠲᠡᠯᠡᠭᠰᠡᠨ ᠴᠠᠭ᠄
2024/11/6
        ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ         ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠤᠨ ᠰᠠᠯᠠᠭ᠎ᠠ ᠮᠥᠴᠢᠷ ᠤᠳ ᠤᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠵᠠᠷᠤᠳᠠᠯ ᠢ ᠪᠠᠲᠤᠯᠠᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ᠂ ᠰᠠᠯᠠᠭ᠎ᠠ ᠮᠥᠴᠢᠷ ᠤᠨ ᠲᠤᠰᠬᠠᠢ ᠵᠦᠢᠯ ᠤᠨ ᠳᠡᠮᠵᠢᠯᠭᠡ᠂ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦᠨ ᠤ ᠳᠡᠮᠵᠢᠯᠭᠡ᠂ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠵᠠᠷᠤᠳᠠᠯ ᠤᠨ ᠢᠷᠡᠯᠲᠡ ᠪᠠᠨ ᠥᠷᠭᠡᠳᠬᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠥᠷᠨᠢᠭᠦᠯᠬᠦ ᠳᠤ ᠪᠠᠲᠤᠯᠠᠭ᠎ᠠ ᠬᠠᠩᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠠᠵᠢᠯ ᠥᠷᠨᠢᠭᠦᠯᠬᠦ ᠳᠤ ᠨᠢ ᠳᠡᠮᠵᠢᠯᠭᠡ ᠦᠵᠡᠬᠦᠯᠬᠦ ᠪᠠ ᠬᠠᠮᠵᠢᠯᠴᠠᠨ ᠠᠵᠢᠯᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠪᠣᠯᠪᠠᠰᠤᠷᠠᠯ ᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ᠂ ᠭᠠᠯ ᠤᠨᠲᠠᠷᠠᠭᠠᠭᠴᠢ᠂ ᠠᠪᠤᠷᠠᠨ ᠲᠤᠰᠠᠯᠠᠬᠤ ᠠᠩᠭᠢ ᠶᠢᠨ ᠭᠡᠰᠢᠭᠦᠨ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠵᠡᠷᠭᠡ ᠬᠥᠮᠥᠰ ᠤᠨ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠢᠨᠢ ᠴᠢᠬᠤᠯᠠ ᠠᠭᠤᠯᠭ᠎ᠠ ᠪᠣᠯᠭᠠᠨ᠎ᠠ᠃ ᠲᠡᠷᠢᠭᠦᠨ ᠤ ᠨᠡᠶᠢᠲᠡᠯᠢᠭ ᠢ ᠰᠣᠩᠭᠤᠨ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ᠂ ᠵᠢᠱᠢᠶᠡᠴᠢ ᠨᠢᠭᠡᠴᠢ ᠶᠢ ᠴᠠᠭ ᠲᠤᠬᠠᠢ ᠳᠤ ᠨᠢ ᠨᠡᠪᠲᠡᠷᠡᠭᠦᠯᠦᠨ ᠰᠠᠶᠢᠰᠢᠶᠠᠨ᠎ᠠ᠃ ᠰᠢᠯᠢᠳᠡᠭ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ ᠶᠢ ︽ᠳᠡᠷᠭᠡᠳᠡᠬᠢ ᠰᠠᠶᠢᠨ ᠬᠥᠮᠥᠨ︾᠂ ︽ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠴᠢ︾᠂ ︽ᠶᠣᠰᠣ ᠰᠤᠷᠲᠠᠬᠤᠨ ᠤ ᠵᠢᠱᠢᠶᠡᠴᠢ︾ ᠵᠡᠷᠭᠡ ᠶᠢᠨ ᠰᠢᠯᠭᠠᠷᠠᠭᠤᠯᠤᠯᠲᠠ ᠳᠤ ᠲᠠᠨᠢᠯᠴᠠᠭᠤᠯᠤᠨ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠭᠰᠠᠨ ᠰᠡᠳᠬᠢᠯ ᠬᠥᠳᠡᠯᠭᠡᠮ᠎ᠡ ᠠᠵᠢᠯᠯᠠᠭ᠎ᠠ ᠨᠤᠭᠤᠳ ᠢ ᠥᠷᠭᠡᠨ ᠢᠶᠠᠷ ᠤᠬᠠᠭᠤᠯᠵᠤ᠂ ᠨᠡᠩ ᠤᠯᠠᠨ ᠬᠥᠮᠥᠰ ᠢ ᠬᠥᠲᠥᠯᠥᠨ ᠳᠠᠭᠠᠭᠤᠯᠬᠤ ᠪᠠ ᠤᠷᠢᠶᠠᠯᠠᠨ ᠲᠠᠶᠢᠴᠢᠯᠠᠵᠦ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠯᠲᠠ ᠬᠢᠬᠦ ᠠᠵᠢᠯ ᠳᠤ ᠣᠷᠣᠯᠴᠠᠭᠤᠯᠤᠨ᠂ ᠪᠦᠬᠦ ᠨᠡᠶᠢᠭᠡᠮ ᠳᠤ ᠢᠳᠡᠪᠬᠢ ᠬᠦᠴᠦᠨ ᠢ ᠪᠠᠳᠠᠷᠠᠭᠤᠯᠵᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃                                                       2024 ᠣᠨ ᠤ 7 ᠳ᠋ᠤᠭᠠᠷ ᠰᠠᠷ᠎ᠠ ᠶᠢᠨ 16 ᠤ ᠡᠳᠦᠷ            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                    2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ