ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ | ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠵᠤ᠂ 2032 ᠣᠨ ᠪᠣᠯᠬᠤ ᠳᠤ ᠲᠦᠷᠦᠭᠦᠯᠡᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠨᠥᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ | ᠵᠠᠰᠠᠭ ᠤᠨ ᠰᠢᠯᠵᠢᠭᠦᠯᠦᠨ ᠣᠯᠭᠤᠬᠤ ᠵᠡᠷᠭᠡ ᠠᠷᠭ᠎ᠠ ᠵᠠᠮ ᠢᠶᠠᠷ ᠬᠢ ᠪᠡᠯᠡ ᠣᠷᠣᠭᠤᠯᠤᠯᠲᠠ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠬᠡᠷᠡᠭᠲᠡᠢ᠃ | ᠤᠯᠤᠰ ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠦᠬᠦᠷᠵᠢᠭᠦᠯᠦᠨ ᠪᠡᠯᠡ ᠣᠷᠣᠭᠤᠯᠬᠤ ᠪᠠᠷ ᠱᠠᠭᠠᠷᠳᠠᠭᠰᠠᠨ ᠵᠠᠷᠤᠯᠭ᠎ᠠ ᠶᠢ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ | ᠳᠠᠬᠢᠵᠤ ᠲᠥᠬᠦᠷᠵᠢᠭᠦᠯᠬᠦ ᠦᠭᠡᠢ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠵᠤ᠂ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠨ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠠᠳᠠᠯᠢ ᠪᠤᠰᠤ ᠭᠠᠵᠠᠷ ᠤᠨ ᠲᠥᠷᠥᠯ ᠪᠠ ᠪᠦᠲᠦᠭᠡᠨ ᠪᠠᠶᠢᠭᠤᠯᠬᠤ ᠠᠭᠤᠯᠭ᠎ᠠ ᠶᠢᠨ ᠶᠣᠰᠣᠭᠠᠷ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠬᠤᠰᠢᠭᠤ | ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠨ ᠨᠢᠭᠡᠳᠦᠯᠲᠡᠢ ᠲᠥᠯᠥᠪᠯᠡᠨ ᠪᠣᠳᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠭᠯᠠᠨ | ᠲᠥᠯᠥᠪᠯᠡᠬᠦ ᠪᠠ ᠪᠦᠲᠦᠭᠡᠨ ᠪᠠᠶᠢᠭᠤᠯᠬᠤ ᠶᠠᠪᠤᠴᠠ ᠳᠤ᠂ ᠮᠦ ᠪᠦᠷᠢ ᠳᠤ 100 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠪᠡᠯᠡ ᠮᠥᠩᠭᠦ ᠴᠤᠭᠯᠠᠭᠤᠯᠤᠨ | ᠬᠥᠳᠡᠯᠮᠦᠷᠢ ᠬᠦᠴᠦ ᠣᠷᠣᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠣᠶ ᠰᠢᠭᠤᠢ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠵᠡᠷᠭᠡ | ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠶᠢ ᠰᠠᠨᠠᠭᠠᠴᠢᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠡᠵᠡᠩᠨᠡᠬᠦ ᠳᠤ ᠪᠥᠬᠦ ᠠᠵᠤ ᠦᠢᠯᠡᠰ ᠤᠨ | ᠬᠡᠯᠬᠢᠶᠡᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠬᠤ ᠪᠠ ᠣᠷᠣᠯᠴᠠᠬᠤ ᠶᠢ ᠨᠢ | ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠬᠤᠶᠠᠷ᠂ ᠡᠮᠦᠨᠡᠬᠢ ᠬᠤᠭᠤᠴᠠᠭᠠᠨ ᠤ ᠠᠵᠢᠯ ᠢᠶᠠᠨ ᠰᠢᠯᠢᠳᠡᠭᠵᠢᠭᠦᠯᠬᠦ ᠬᠡᠷᠡᠭᠲᠡᠢ | ᠦᠯᠡᠭᠦᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠦᠬᠦᠨ ᠢ ᠨᠥᠭᠡᠴᠡ ᠲᠥᠷᠥᠯ ᠵᠦᠢᠯ ᠤᠨ ᠬᠥᠮᠥᠷᠭᠡ ᠳᠤ ᠠᠯᠬᠤᠮ ᠠᠯᠬᠤᠮ ᠢᠶᠠᠷ ᠣᠷᠣᠭᠤᠯᠵᠤ᠂ | ᠪᠣᠳᠠᠲᠤ ᠪᠠᠶᠢᠳᠠᠯ ᠳᠤ ᠪᠠᠨ ᠰᠠᠭᠤᠷᠢᠯᠠᠵᠤ ᠪᠦᠲᠦᠭᠡᠨ ᠪᠠᠶᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭᠠᠯᠠᠯ ᠢ ᠲᠣᠭᠲᠠᠭᠠᠨ᠂ ᠤᠷᠢᠳ ᠢᠶᠠᠷ ᠬᠢᠯᠪᠠᠷ ᠢ ᠨᠢ ᠳᠠᠷᠠᠭ᠎ᠠ | ᠨᠢ ᠬᠦᠴᠢᠷᠲᠡᠢ ᠶᠢ ᠨᠢ ᠬᠢᠬᠦ ᠶᠢ ᠪᠠᠷᠢᠮᠲᠠᠯᠠᠵᠤ᠂ ᠲᠤᠷᠰᠢᠯᠲᠠ ᠶᠢᠨ ᠭᠠᠵᠠᠷ ᠣᠷᠣᠨ᠂ ᠬᠠᠷ᠎ᠠ ᠬᠥᠷᠥᠰᠥᠲᠦ ᠭᠠᠵᠠᠷ ᠣᠷᠣᠨ᠂ ᠲᠠᠯ᠎ᠠ ᠭᠠᠵᠠᠷ᠂ ᠤᠰᠤᠨ | ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠪᠠ ᠦᠯᠡᠳᠡᠭᠳᠡᠯ ᠡᠭᠦᠷᠭᠡ ᠪᠠᠷ ᠨᠡᠯᠢᠶᠡᠳ ᠴᠥᠭᠡᠨ ᠪᠠᠶᠢᠭ᠎ᠠ ᠪᠦᠬᠦᠯᠢ | ᠪᠠᠶᠢᠭᠤᠯᠤᠮᠵᠢᠲᠤ ᠳᠦᠷᠢᠮ ᠤᠨ ᠭᠠᠵᠠᠷ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ᠂ ᠬᠠᠷ᠎ᠠ | ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ ᠢ ᠵᠠᠰᠠᠵᠤ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠥᠷᠥᠯ ᠵᠦᠢᠯ ᠲᠣᠭᠲᠠᠭᠠᠬᠤ ᠠᠴᠠ ᠡᠮᠦᠨᠡᠬᠢ 3 ᠵᠢᠯ ᠤᠨ ᠮᠦ ᠪᠦᠷᠢ ᠶᠢᠨ ᠳᠤᠮᠳᠠᠴᠢ ᠪᠣᠳᠠᠲᠠᠢ ᠵᠠᠷᠤᠯᠭ᠎ᠠ ᠶᠢᠨ | ᠵᠣᠭᠤᠰᠤᠨ ᠲᠤᠭ᠎ᠠ ᠶᠣᠰᠣᠭᠠᠷ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠤᠰᠤᠨ ᠤ ᠡᠬᠢ | ᠰᠤᠷᠪᠤᠯᠵᠢ ᠶᠢᠨ ᠨᠤᠲᠠᠯᠠᠯᠲᠠ ᠶᠢ ᠬᠢᠨᠠᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ᠂ ᠪᠦᠲᠦᠭᠡᠨ ᠪᠠᠶᠢᠭᠤᠯᠬᠤ | ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠪᠦᠷᠢᠳᠦᠭᠦᠯᠬᠦ ᠶᠢ ᠦᠨᠡᠨ ᠬᠦ ᠪᠠᠲᠤᠯᠠᠨ᠂ ︽ᠵᠣᠭᠤᠰ ᠨᠢ ᠲᠥᠷᠥᠯ ᠵᠦᠢᠯ ᠢ | ᠬᠦᠯᠢᠶᠡᠬᠦ︾ ᠠᠴᠠ ᠵᠠᠶᠢᠯᠠᠰᠬᠢᠨ᠎ᠡ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠵᠢᠷᠤᠭ ᠲᠥᠯᠥᠪᠯᠡᠭᠡ ᠶᠢᠨ ᠣᠨᠣᠯᠵᠢᠬᠤᠨ ᠢ ᠪᠠᠷᠢᠮᠲᠠᠯᠠᠵᠤ᠂ ᠭᠠᠵᠠᠷ | ᠳᠣᠣᠷᠠᠬᠢ ᠤᠰᠤ ᠶᠢ ᠬᠠᠮᠢᠶᠠᠷᠤᠨ ᠡᠵᠡᠮᠳᠡᠬᠦ ᠨᠢᠭᠡᠴᠢ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠭᠠᠵᠠᠷ ᠣᠷᠣᠨ ᠤ ᠪᠠᠨ | ᠪᠠᠶᠢᠳᠠᠯ ᠳᠤ ᠲᠣᠬᠢᠷᠠᠭᠤᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠥᠷᠨᠢᠭᠦᠯᠦᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠣᠶ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ | ᠬᠠᠶᠢᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ᠂ ᠤᠰᠤ ᠠᠪᠴᠤ ᠬᠡᠷᠡᠭᠯᠡᠬᠦ ᠵᠥᠪᠰᠢᠶᠡᠷᠡᠯ ᠤᠨ ᠬᠢᠨᠠᠨ ᠵᠥᠪᠰᠢᠶᠡᠷᠡᠯ ᠵᠡᠷᠭᠡ ᠶᠢᠨ ᠵᠠᠮ ᠱᠤᠭᠤᠮ ᠢ | ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠳᠦᠪ | ᠲᠣᠭᠲᠠᠭᠠᠬᠤ ᠲᠥᠰᠥᠯ ᠪᠠ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠢ ᠲᠣᠰ ᠲᠣᠰ ᠭᠠᠴᠠᠭ᠎ᠠ ᠲᠣᠰᠬᠤᠨ ᠤ ᠠᠷᠠᠳ ᠤᠨ ᠬᠤᠷᠠᠯ ᠢᠶᠠᠷ | ᠰᠤᠳᠤᠯᠤᠨ ᠪᠠᠲᠤᠯᠠᠭᠤᠯᠬᠤ ᠶᠢᠨ ᠬᠠᠮᠲᠤ ᠭᠠᠷ ᠤᠨ ᠥᠰᠥᠭ ᠵᠢᠷᠤᠭᠤᠯᠵᠤ ᠨᠤᠲᠠᠯᠠᠨ ᠲᠣᠭᠲᠠᠭᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | ᠭᠤᠷᠪᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠬᠤ ᠬᠡᠷᠡᠭᠲᠡᠢ | ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠶ ᠶᠢ 10000 ᠮᠦ ᠠᠴᠠ ᠳᠤᠲᠠᠭᠤ ᠪᠠᠶᠢᠯᠭᠠᠵᠤ ᠪᠣᠯᠬᠤ | ᠦᠭᠡᠢ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠤ ᠣᠨ ᠤ ᠪᠠᠷᠢᠯᠭ᠎ᠠ ᠶᠢᠨ ᠠᠵᠢᠯ ᠤᠨ ᠪᠠᠷᠢᠬᠤ ᠡᠭᠦᠷᠭᠡ ᠪᠠᠨ ᠪᠦᠬᠦᠯᠢ ᠴᠣᠭᠴᠠ ᠪᠠᠷ ᠨᠢ | ᠳᠠᠭᠠᠭᠠᠴᠢᠯᠠᠭᠤᠯᠬᠤ ᠶᠢ ᠵᠥᠪᠰᠢᠶᠡᠷᠡᠨ᠎ᠡ᠃ ᠪᠦᠬᠦ ᠶᠠᠪᠤᠴᠠ ᠶᠢᠨ ᠡᠯᠧᠺᠲ᠋ᠣᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠠᠯᠤᠰ ᠠᠴᠠ | ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠳᠡᠯᠭᠡᠷᠡᠭᠦᠯᠦᠨ ᠬᠡᠷᠡᠭᠵᠢᠭᠦᠯᠵᠦ᠂ ᠵᠢᠷᠤᠭ ᠲᠥᠯᠥᠪᠯᠡᠭᠡ ᠶᠢᠨ ᠦᠯᠢᠭᠡᠷ ᠶᠠᠩᠵᠤ᠂ ᠬᠢᠨᠠᠨ ᠵᠠᠬᠢᠷᠬᠤ ᠪᠠ | ᠪᠠᠷᠢᠯᠭ᠎ᠠ ᠶᠢᠨ ᠠᠵᠢᠯ ᠤᠨ ᠮᠠᠲ᠋ᠧᠷᠢᠶᠠᠯ ᠤᠨ ᠦᠯᠢᠭᠡᠷ ᠶᠠᠩᠵᠤ᠂ ᠮᠠᠲ᠋ᠧᠷᠢᠶᠠᠯ ᠤᠨ ᠦᠯᠢᠭᠡᠷ ᠶᠠᠩᠵᠤ ᠵᠡᠷᠭᠡ ᠶᠢ ᠳᠠᠭᠠᠭᠠᠴᠢᠯᠠᠯᠲᠠ ᠦᠨᠡᠯᠡᠬᠦ ᠬᠦᠴᠦᠨ ᠵᠦᠢᠯ ᠪᠠ | ᠭᠡᠷ᠎ᠡ ᠭᠦᠢᠴᠡᠳᠬᠡᠬᠦ ᠪᠠᠷᠢᠮᠵᠢᠶ᠎ᠠ ᠪᠣᠯᠭᠠᠬᠤ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠭᠡᠷ᠎ᠡ ᠶᠢ ᠵᠠᠷᠯᠠᠨ ᠨᠡᠶᠢᠲᠡᠯᠡᠵᠦ᠂ ︽ᠦᠨᠡᠨ | ᠬᠤᠳᠠᠯ ᠭᠡᠷ᠎ᠡ︾᠂ ︽ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠵᠤ ᠥᠨᠳᠥᠷ ᠦᠨ᠎ᠡ ᠪᠠᠷ ᠳ᠋ᠦᠩᠨᠡᠨ ᠪᠣᠳᠣᠬᠤ︾ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠥᠩᠭᠡᠨ ᠳᠡᠭᠡᠷ᠎ᠡ ᠪᠠᠨ ᠳᠠᠭᠠᠭᠠᠴᠢᠯᠠᠯᠲᠠ ᠵᠠᠷᠯᠠᠵᠤ ᠳᠠᠯᠳᠠᠭᠤᠷ ᠲᠣᠭᠲᠠᠭᠠᠬᠤ᠂ | ᠳᠠᠭᠠᠭᠠᠴᠢᠯᠠᠯᠲᠠ ᠬᠦᠯᠢᠶᠡᠬᠦ ᠳᠤ ᠬᠤᠤᠪᠢᠯᠳᠤᠵᠤ ᠬᠤᠮᠣᠷᠭᠠᠯᠠᠬᠤ᠂ ᠰᠢᠯᠵᠢᠭᠦᠯᠦᠨ ᠳᠠᠭᠠᠭᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ ᠪᠠᠷ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠪᠣᠳᠠᠲᠤ ᠪᠠᠶᠢᠳᠠᠯ ᠢ ᠪᠠᠶᠢᠴᠠᠭᠠᠨ ᠲᠣᠳᠣᠯᠠᠮᠠᠭᠴᠠ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ︵ | ᠳᠠᠭᠠᠭᠠᠴᠢᠯᠠᠯᠲᠠ ᠣᠨᠣᠬᠤ︶ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ 3 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠤᠯᠴᠠᠬᠤ ᠶᠢ ᠴᠠᠭᠠᠵᠠᠯᠠᠬᠤ ᠶᠢᠨ ᠬᠠᠮᠲᠤ᠂ ᠬᠠᠮᠢᠶ᠎ᠠ | ᠪᠦᠬᠦᠢ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | |