ᠳᠥᠷᠪᠡ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠲᠥᠷᠥᠯ ᠵᠦᠢᠯ ᠤᠨ ᠪᠡᠯᠡ ᠣᠷᠣᠭᠤᠯᠤᠯᠲᠠ ᠳᠤ ︽ᠨᠢᠭᠡ ᠭᠠᠵᠠᠷ ᠢ ᠨᠢᠭᠡ ᠵᠥᠪᠯᠡᠬᠦ ᠶᠢ ᠬᠡᠷᠡᠭᠵᠢᠭᠦᠯᠵᠦ︾᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠶᠢ ᠵᠢᠷᠤᠭᠯᠠᠨ ᠲᠥᠯᠥᠪᠯᠡᠬᠦ ᠳᠤ ᠪᠠᠨ ︽ᠶᠠᠭᠤ ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠦᠷᠢᠯᠡᠵᠦ︾᠂ ᠤᠷᠢᠳ ᠢᠶᠠᠷ ᠲᠠᠷᠢᠶᠠᠨ | ᠭᠠᠵᠠᠷ ᠤᠨ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠳᠠᠷᠠᠭ᠎ᠠ ᠨᠢ ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠨᠡᠮᠡᠭᠳᠡᠭᠦᠯᠬᠦ ᠢᠨᠵᠧᠨᠧᠷᠢᠩ ᠤᠨ ᠳᠡᠰ | ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ᠂ ᠲᠠᠷᠢᠶᠠᠨ ᠭᠠᠵᠠᠷ᠂ ᠤᠰᠤ᠂ ᠴᠠᠬᠢᠯᠭᠠᠨ᠂ ᠵᠠᠮ᠂ ᠣᠢ ᠰᠢᠭᠤᠢ ᠶᠢ ᠶᠡᠷᠦᠩᠬᠡᠶᠢᠯᠡᠨ ᠳᠦᠬᠦᠷᠵᠢᠭᠦᠯᠬᠦ ᠶᠢ ᠪᠡᠶᠡᠯᠡᠭᠦᠯᠵᠦ᠂ | ︽ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠠᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ︾ ᠶᠢ ᠲᠠᠰᠤ ᠵᠣᠭᠰᠣᠭᠠᠵᠤ᠂ ᠳᠠᠩ ᠭᠠᠭᠴᠠ ᠲᠥᠷᠥᠯ ᠵᠦᠢᠯ ᠤᠨ | ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠠᠴᠠ ᠥᠨᠳᠥᠷ ᠪᠤᠶᠤ ᠳᠣᠣᠷ᠎ᠠ ᠪᠠᠶᠢᠯᠭᠠᠵᠤ ᠪᠣᠯᠣᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠢᠩᠭ᠎ᠠ ᠬᠢᠨᠠᠭᠤᠷ ᠪᠠᠶᠢᠬᠤ ᠵᠠᠷᠴᠢᠮ ᠤᠨ | ᠶᠣᠰᠣᠭᠠᠷ ᠲᠤᠰᠠᠭᠠᠷ ᠵᠠᠷᠤᠳᠠᠯ ᠢ ᠦᠨᠡᠨ ᠪᠣᠳᠠᠲᠠᠢ ᠪᠠᠷ ᠵᠠᠷᠤᠯᠭ᠎ᠠ ᠪᠠᠷ ᠵᠢᠭᠰᠠᠭᠠᠨ ᠭᠠᠷᠭᠠᠵᠤ᠂ ᠨᠡᠶᠢᠲᠡ ᠲᠤᠭ᠎ᠠ ᠶᠢ ᠲᠤᠰ ᠲᠥᠷᠥᠯ ᠵᠦᠢᠯ ᠤᠨ ᠥᠪᠡᠷᠲᠡᠭᠡᠨ | ᠵᠠᠰᠠᠬᠤ ᠣᠷᠣᠨ ᠤ ᠵᠢᠴᠢ ᠲᠡᠭᠦᠨ ᠠᠴᠠ ᠳᠡᠭᠡᠭᠰᠢᠬᠢ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠶᠡᠷᠦᠩᠬᠡᠢ ᠲᠣᠭᠠᠨ ᠤ 5% ᠠᠴᠠ ᠬᠡᠲᠦᠷᠡᠭᠦᠯᠵᠦ | ᠪᠣᠯᠬᠤ ᠦᠭᠡᠢ᠃ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠭᠰᠡᠨ ᠦᠯᠡᠳᠡᠪᠦᠷᠢ ᠪᠡᠯᠡ ᠮᠥᠩᠭᠦ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠲᠤᠰᠬᠠᠢ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠥᠬᠦ | ᠶᠠᠪᠤᠴᠠ ᠳᠤ ᠮᠥᠷᠳᠡᠵᠦ ᠬᠢᠨᠠᠨ ᠪᠤᠳᠤᠬᠤ ᠠᠵᠢᠯ ᠢ ᠥᠷᠨᠢᠭᠦᠯᠵᠦ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠲᠣᠭᠠᠴᠠᠭ᠎ᠠ ᠬᠢᠵᠦ᠂ ᠪᠠᠷᠢᠯᠭ᠎ᠠ ᠶᠢᠨ | ᠠᠬᠢᠴᠠ ᠶᠢᠨ ᠵᠣᠭᠤᠰ ᠥᠭᠬᠦ ᠬᠠᠷᠢᠴᠠᠯ ᠢ ᠨᠢᠭᠡᠨᠲᠡ ᠱᠠᠲᠤᠯᠠᠨ ᠰᠢᠯᠭᠠᠨ ᠬᠤᠷᠢᠶᠠᠵᠤ ᠠᠪᠬᠤ ᠶᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ | ᠪᠠᠷᠢᠯᠭ᠎ᠠ ᠶᠢᠨ ᠦᠨ᠎ᠡ ᠮᠥᠩᠭᠦᠨ ᠤ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠤᠰᠤᠳ ᠥᠭᠬᠦ ᠶᠣᠰᠣᠲᠠᠢ ᠪᠠᠷᠢᠯᠭ᠎ᠠ ᠶᠢᠨ ᠵᠣᠭᠤᠰ ᠢ ᠪᠠᠷᠢᠯᠭ᠎ᠠ | ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠥᠭᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠲᠠᠪᠤ᠂ ᠨᠡᠮᠡᠭᠳᠡᠭᠦᠯᠦᠭᠰᠡᠨ ᠭᠠᠵᠠᠷ ᠤᠨ ᠳᠠᠯᠳᠠ ᠬᠦᠴᠦᠨ ᠢ ᠠᠭᠤᠳᠠᠯᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠵᠠᠷ ᠤᠨ ᠲᠥᠷᠥᠯ ᠤᠨ ᠰᠢᠨᠵᠢ ᠴᠢᠨᠠᠷ ᠢ ᠨᠤᠲᠠᠯᠠᠵᠤ᠂ | ᠣᠳᠣᠬᠢ ᠪᠠᠶᠢᠳᠠᠯ ᠳᠠᠬᠢ ᠲᠠᠷᠢᠮᠠᠯ ᠤᠨ ᠪᠠᠶᠢᠳᠠᠯ ᠤᠨ ᠡᠬᠡ ᠲᠠᠩᠰᠠ ᠶᠢ ᠪᠠᠶᠢᠭᠤᠯᠤᠨ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠣᠷᠣᠨ ᠪᠠᠶᠢᠷᠢ᠂ ᠲᠤᠭ᠎ᠠ | ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ︽ᠨᠢᠭᠡ ᠡᠷᠦᠬᠡ ᠳᠤ ᠨᠢᠭᠡ ᠬᠡᠰᠡᠭ ᠲᠠᠷᠢᠶᠠᠨ ᠭᠠᠵᠠᠷ︾ ᠤᠨ ᠪᠠᠷᠢᠮᠵᠢᠶ᠎ᠠ ᠶᠣᠰᠣᠭᠠᠷ ︽ᠭᠤᠷᠪᠠ ᠶᠢ ᠬᠤᠪᠢᠷᠠᠭᠠᠬᠤ᠂ | ᠲᠠᠪᠤ ᠶᠢ ᠨᠢᠭᠡᠳᠦᠯᠲᠡᠢ ᠬᠢᠬᠦ᠂ ᠨᠢᠭᠡ ᠶᠢ ᠳᠠᠬᠢᠨᠲᠠ ᠬᠤᠪᠢᠶᠠᠷᠢᠯᠠᠬᠤ︾ ︵ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ ᠬᠢᠵᠠᠭᠠᠷ ᠢ ᠬᠤᠪᠢᠷᠠᠭᠠᠬᠤ᠂ ᠡᠮᠬᠢ | ᠳᠢᠭᠯᠢᠮ ᠦᠭᠡᠢ ᠭᠠᠵᠠᠷ ᠬᠡᠰᠡᠭ ᠤᠨ ᠵᠠᠭᠠᠭ ᠬᠢᠵᠠᠭᠠᠷ ᠢ ᠬᠤᠪᠢᠷᠠᠭᠠᠬᠤ᠂ ᠡᠮᠬᠢ ᠵᠠᠮᠪᠠᠷᠠᠭ᠎ᠠ ᠦᠭᠡᠢ ᠭᠤᠤ ᠰᠤᠪᠠᠭ ᠵᠠᠮ ᠤᠨ ᠪᠠᠶᠢᠷᠢᠰᠢᠭᠤᠯᠤᠯᠲᠠ ᠶᠢ ᠬᠤᠪᠢᠷᠠᠭᠠᠬᠤ︔ | ᠰᠢᠨ᠎ᠡ ᠵᠢᠷᠤᠭ ᠲᠥᠯᠥᠪᠯᠡᠭᠡ ᠶᠢᠨ ᠶᠣᠰᠣᠭᠠᠷ᠂ ᠨᠢᠭᠡᠳᠦᠯᠲᠡᠢ ᠭᠤᠤ ᠰᠤᠪᠠᠭ ᠮᠠᠯᠲᠠᠬᠤ᠂ ᠨᠢᠭᠡᠳᠦᠯᠲᠡᠢ ᠵᠠᠮ ᠵᠠᠰᠠᠬᠤ᠂ ᠨᠢᠭᠡᠳᠦᠯᠲᠡᠢ ᠮᠣᠳᠣ ᠲᠠᠷᠢᠵᠤ | ᠣᠶᠢᠵᠢᠭᠤᠯᠬᠤ᠂ ᠭᠠᠵᠠᠷ ᠰᠢᠷᠣᠢ ᠶᠢ ᠨᠢᠭᠡᠳᠦᠯᠲᠡᠢ ᠲᠡᠭᠰᠢᠯᠡᠬᠦ᠂ ᠭᠠᠵᠠᠷ ᠬᠡᠰᠡᠭ ᠢ ᠨᠢᠭᠡᠳᠦᠯᠲᠡᠢ ᠬᠤᠪᠢᠶᠠᠷᠢᠯᠠᠬᠤ︔ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠤ | ᠳᠠᠷᠠᠭ᠎ᠠ᠂ ᠲᠠᠷᠢᠶᠠᠴᠢᠨ ᠮᠠᠯᠴᠢᠳ ᠤᠨ ᠤᠤᠯ ᠤᠨ ᠪᠠᠶᠢᠭᠰᠠᠨ ᠲᠠᠯᠠᠪᠠᠶ ᠠᠴᠠ ᠬᠡᠲᠦᠷᠡᠭᠦᠯᠬᠦ ᠦᠭᠡᠢ ᠪᠠᠷ ᠡᠵᠡᠩᠨᠡᠯᠲᠡ ᠶᠢᠨ ᠡᠷᠬᠡ ᠶᠢ ᠡᠷᠦᠬᠡ ᠳᠤ ᠬᠦᠷᠲᠡᠯ᠎ᠡ ᠳᠠᠬᠢᠨᠲᠠ | ᠬᠤᠪᠢᠶᠠᠷᠢᠯᠠᠬᠤ︶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ᠂ ︽ᠵᠢᠵᠢᠭ ᠲᠠᠷᠢᠶᠠᠨ ᠭᠠᠵᠠᠷ ᠢ ᠲᠣᠮᠣ ᠲᠠᠷᠢᠶᠠᠨ ᠭᠠᠵᠠᠷ ᠪᠣᠯᠭᠠᠨ | ᠬᠤᠪᠢᠷᠠᠭᠤᠯᠬᠤ︾ ᠶᠢ ᠪᠡᠶᠡᠯᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠤᠯᠤᠰ ᠤᠨ ᠥᠮᠴᠢᠯᠡᠯᠲᠦ ᠠᠴᠠ ᠪᠤᠰᠤᠳ ᠢ ᠨᠢ ᠪᠦᠬᠦᠨ ᠢ ᠭᠠᠴᠠᠭ᠎ᠠ | ᠲᠣᠰᠬᠤᠨ ᠤ ᠬᠠᠮᠲᠤ ᠶᠢᠨ ᠡᠵᠡᠩᠨᠡᠯᠲᠡ ᠬᠠᠮᠢᠶᠠᠷᠤᠯᠲᠠ ᠳᠤ ᠣᠷᠣᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠭᠰᠡᠨ ᠪᠤᠶᠤ ᠡᠵᠡᠯᠡᠨ | ᠬᠡᠷᠡᠭᠯᠡᠭᠰᠡᠨ ᠪᠠᠶᠢᠪᠠᠯ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠶᠢ ᠪᠡᠶᠡᠯᠡᠭᠦᠯᠬᠦ ᠬᠡᠷᠡᠭᠲᠡᠢ᠃ | ᠲᠠᠷᠢᠶᠠᠯᠠᠬᠤ ᠭᠠᠵᠠᠷ ᠤᠨ ᠡᠷᠬᠢᠨ ᠲᠣᠭᠤᠷᠢᠨ ᠤ ᠬᠡᠰᠡᠭ ᠪᠤᠰᠠᠭ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ︽ᠡᠵᠡᠯᠡᠬᠦ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ︾ ᠪᠤᠶᠤ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ | ᠰᠢᠯᠵᠢᠭᠦᠯᠦᠨ ᠭᠠᠷᠭᠠᠬᠤ ᠶᠢ ᠨᠢ ᠵᠥᠪᠰᠢᠶᠡᠷᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | ᠵᠢᠷᠭᠤᠭ᠎ᠠ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠠᠰᠤᠨ ᠲᠤᠷᠰᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠲᠥᠷᠥᠯ ᠵᠦᠢᠯ ᠤᠨ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠣᠯᠵᠤ ᠮᠡᠳᠡᠭᠰᠡᠨ ᠠᠰᠠᠭᠤᠳᠠᠯ ᠢ ᠲᠣᠳᠣᠷᠬᠠᠢ | ᠬᠠᠭᠤᠳᠠᠰᠤ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠪᠦᠲᠦᠭᠡᠨ | ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠬᠢᠬᠦ ᠠᠵᠢᠯ ᠢ ᠥᠷᠨᠢᠭᠦᠯᠵᠦ᠂ ᠬᠠᠷ᠎ᠠ ᠴᠠᠭᠠᠨ ᠳᠠᠩᠰᠠ ᠶᠢ ᠪᠠᠶᠢᠭᠤᠯᠵᠤ᠂ | ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ | ᠲᠠᠷᠢᠶᠠᠯᠠᠩ ᠤᠨ ᠪᠡᠯᠡ ᠣᠷᠤᠭᠤᠯᠤᠯᠲᠠ᠂ ᠨᠡᠭᠡᠭᠡᠯᠲᠡ ᠬᠥᠭᠵᠢᠭᠦᠯᠦᠯᠲᠡ᠂ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠦᠪᠡᠭᠴᠢᠯᠡᠨ | ᠵᠣᠬᠢᠶᠠᠨ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠮᠡᠷᠭᠡᠵᠢᠯ ᠤᠨ | ᠲᠤᠯᠭᠠᠭᠤᠷᠢᠯᠠᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠥᠮᠥᠰ ᠤᠨ ᠲᠥᠪᠯᠡᠷᠡᠭᠦᠯᠦᠨ ᠠᠵᠢᠯᠯᠠᠬᠤ ᠶᠢ | ᠵᠣᠷᠢᠭᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ 12316 ᠶᠢ | ᠨᠡᠪᠲᠡᠷᠡᠭᠦᠯᠬᠦ ᠶᠢᠨ ᠬᠠᠮᠲᠤ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ︾ ᠵᠢᠵᠢᠭ ᠫᠷᠣᠭ᠍ᠷᠠᠮ ᠢ | ᠢᠳᠡᠪᠬᠢᠲᠡᠢ ᠳᠡᠯᠭᠡᠷᠡᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠠᠷᠢᠶᠠᠴᠢᠨ ᠮᠠᠯᠴᠢᠨ ᠤ ᠬᠢᠨᠠᠯᠲᠠ ᠲᠠᠯᠪᠢᠭᠴᠢ ᠶᠢᠨ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠲᠣᠬᠢᠷᠠᠭᠤᠯᠤᠨ᠂ ᠢᠯᠡ ᠪᠠᠷ ᠨᠡᠶᠢᠲᠡᠯᠡᠬᠦ ᠠᠵᠢᠯ ᠢ ᠵᠢᠷᠤᠮᠵᠢᠭᠤᠯᠤᠨ ᠥᠷᠨᠢᠭᠦᠯᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ | ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ︶ |