ᠳᠣᠯᠤᠭ᠎ᠠ᠂ ᠰᠢᠯᠭᠠᠵᠤ ᠬᠤᠷᠢᠶᠠᠨ ᠠᠪᠴᠤ ᠬᠥᠮᠥᠷᠭᠡ ᠳᠤ ᠣᠷᠣᠭᠤᠯᠬᠤ ᠶᠢ ᠵᠢᠷᠤᠮᠵᠢᠭᠤᠯᠬᠤ ᠬᠡᠷᠡᠭᠲᠡᠢ | ᠠᠶᠢᠮᠠᠭ ᠬᠤᠳᠡ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠬᠠᠷᠢᠴᠠᠯ ᠢ ᠳᠥᠷᠦᠯ ᠵᠦᠢᠯ ᠤᠨ ᠲᠣᠭᠤᠷᠢᠭ ᠢᠶᠠᠷ 100% ᠳᠤ ᠬᠦᠷᠦᠭᠦᠯᠵᠦ᠂ | ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠬᠤ ᠬᠠᠷᠢᠴᠠᠯ ᠢ ᠳᠡᠯᠡᠪᠡᠢ ᠶᠢᠨ ᠬᠢᠨᠢ 20% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠥᠪᠡᠷ ᠢᠶᠠᠨ ᠪᠡᠯᠡ ᠭᠠᠷᠭᠠᠵᠤ ᠲᠤᠰ | ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ ᠪᠠᠶᠢᠭᠤᠯᠤᠨ᠂ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ | ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠬᠤᠷᠢᠶᠠᠨ ᠠᠪᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠲᠣᠭᠲᠠᠭᠠᠬᠤ᠂ ᠠᠵᠢᠯ ᠳᠠᠭᠤᠰᠬᠠᠬᠤ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ 3 | ᠱᠠᠲᠤᠨ ᠳᠤ ᠪᠦᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠢᠶᠠᠷ | ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠲᠡᠮᠳᠡᠭᠯᠡᠨ ᠣᠷᠣᠭᠤᠯᠬᠤ ᠶᠢᠨ ᠬᠠᠮᠲᠤ ᠵᠢᠷᠤᠭ ᠢᠶᠠᠷ ᠬᠥᠮᠥᠷᠭᠡ ᠳᠤ ᠣᠷᠣᠭᠤᠯᠬᠤ ᠬᠡᠷᠡᠭᠲᠡᠢ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠡᠳ᠋ ᠤᠨ ᠵᠠᠰᠠᠭ ᠤᠨ ᠲᠢᠩᠬᠢᠮ︶ | ᠨᠠᠢᠮᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠷᠠᠭᠤᠯᠬᠤ ᠬᠡᠷᠡᠭᠲᠡᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ︽ᠬᠡᠨ ᠠᠰᠢᠭ ᠭᠥᠷᠳᠡᠪᠡᠯ ᠲᠡᠷᠡ | ᠬᠠᠮᠢᠶᠠᠷᠤᠨ ᠬᠠᠮᠠᠭᠠᠯᠠᠵᠤ᠂ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠬᠤ︾ ᠵᠠᠷᠴᠢᠮ ᠶᠣᠰᠣᠭᠠᠷ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠣᠯ | ᠴᠣᠭᠴᠠ ᠶᠢ ᠲᠣᠳᠣᠷᠬᠠᠶᠢᠯᠠᠵᠤ᠂ ᠣᠯᠠᠨ ᠡᠰᠢᠵᠢᠭᠰᠡᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠳᠠᠬᠢ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ | ᠡᠵᠡᠩᠨᠡᠯᠲᠡ ᠶᠢᠨ ᠠᠰᠢᠭ ᠣᠷᠣᠯᠭ᠎ᠠ ᠶᠢ ᠭᠤᠣᠯᠳᠠᠭᠤ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠨ᠎ᠡ︔ ᠰᠢᠨ᠎ᠡ ᠪᠠᠷ ᠨᠡᠮᠡᠭᠳᠡᠭᠰᠡᠨ | ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠤ ᠬᠡᠷᠡᠭᠯᠡᠭᠡᠳ ᠣᠯᠣᠭᠰᠠᠨ ᠠᠰᠢᠭ ᠣᠷᠣᠯᠭ᠎ᠠ ᠶᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠳᠠᠬᠢᠨᠲᠠ ᠣᠷᠤᠭᠤᠯᠤᠯᠲᠠ ᠬᠢᠬᠦ᠂ ᠵᠢᠭᠡᠯᠡᠯᠭᠡ ᠶᠢᠨ ᠲᠡᠮᠳᠡᠭᠲᠦ ᠵᠢᠴᠢ ᠪᠡᠯᠡ | ᠲᠣᠬᠢᠷᠠᠭᠤᠯᠭ᠎ᠠ ᠲᠥᠯᠥᠬᠦ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠬᠢᠬᠦ ᠳᠤ ᠤᠷᠢᠳ ᠢᠶᠠᠷ ᠬᠡᠷᠡᠭᠯᠡᠨ᠎ᠡ︔ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠭᠠᠷᠭᠠᠬᠤ ᠪᠤᠶᠤ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠪᠠᠨ ᠥᠪᠡᠰᠦᠪᠡᠨ ᠡᠭᠦᠷᠭᠡᠯᠡᠬᠦ ᠶᠢ ᠵᠣᠷᠢᠭᠵᠢᠭᠤᠯᠤᠨ᠎ᠠ᠃ ︽ᠬᠤᠳᠳᠤᠭ ᠤᠨ ᠳᠠᠷᠤᠭ᠎ᠠ︾᠂ ︽ᠲᠠᠷᠢᠶᠠᠨ ᠭᠠᠵᠠᠷ ᠤᠨ ᠳᠠᠷᠤᠭ᠎ᠠ︾ ᠶᠢᠨ ᠳᠦᠷᠢᠮ | ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠨ ᠤᠰᠤᠨ ᠤ ᠦᠨ᠎ᠡ ᠳᠤ ᠵᠢᠯᠣᠭᠤᠳᠤᠯᠭ᠎ᠠ ᠬᠢᠬᠦ ᠪᠠᠨ | ᠴᠢᠩᠭᠠᠷᠠᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠬᠡᠷᠡᠭᠯᠡᠨ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠠᠷ | ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠬᠢᠯᠭᠡᠬᠦ ᠶᠢ ᠰᠦᠪᠡᠭᠴᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠨᠢᠭᠤᠭᠳᠠᠮᠠᠯ ᠭᠡᠮ ᠰᠣᠭᠤᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ | ᠡᠯ᠎ᠡ ᠭᠠᠵᠠᠷ ᠣᠷᠣᠨ ᠤ ᠬᠢᠨ ᠨᠢᠭᠡᠨᠲᠡ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ 10 ᠺᠢᠯᠣᠸᠠᠲ ᠤᠨ ᠴᠠᠬᠢᠯᠭᠠᠨ ᠬᠦᠴᠦᠨ ᠤ ᠵᠠᠮ | ᠱᠤᠭᠤᠮ ᠢᠶᠠᠨ ︽ᠰᠠᠶᠢᠨ ᠳᠤᠷ᠎ᠠ ᠠᠴᠠ ᠪᠠᠨ ᠵᠥᠪᠳᠡᠯᠴᠡᠵᠦ᠂ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠬᠤ︾ ᠵᠠᠷᠴᠢᠮ ᠶᠣᠰᠣᠭᠠᠷ᠂ ᠴᠠᠬᠢᠯᠭᠠᠨ ᠬᠠᠩᠭᠠᠬᠤ | ᠠᠵᠤ ᠠᠬᠤᠶᠢᠯᠠᠯ ᠳᠤ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠥᠷᠨᠢᠭᠦᠯᠵᠦ᠂ ᠰᠢᠯᠵᠢᠭᠦᠯᠦᠨ | ᠲᠤᠰᠢᠶᠠᠬᠤ ᠴᠤᠪᠤᠷᠠᠯ ᠪᠠ ᠲᠥᠬᠦᠭᠡᠷᠦᠮᠵᠢ ᠶᠢᠨ ᠶᠠᠰᠤ ᠴᠢᠨᠠᠷ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠲᠠᠷᠢᠶᠠᠨ ᠭᠠᠵᠠᠷ ᠤᠨ | ᠴᠠᠬᠢᠯᠭᠠᠨ ᠬᠠᠩᠭᠠᠬᠤ ᠬᠦᠴᠦᠳᠡᠯ ᠥᠭᠡᠷᠡᠴᠢᠯᠡᠭᠴᠢ ᠵᠢᠴᠢ ᠳᠣᠣᠷ᠎ᠠ ᠬᠦᠴᠦᠳᠡᠯᠲᠦ ᠴᠠᠬᠢᠯᠭᠠᠨ ᠬᠠᠩᠭᠠᠬᠤ ᠱᠤᠭᠤᠮ ᠢ ᠮᠥᠨ ᠬᠦ ᠤᠤᠯ ᠤᠨ ᠵᠠᠭᠪᠤᠷ ᠢᠶᠠᠷ ᠥᠮᠴᠢᠯᠡᠬᠦ | ᠡᠷᠬᠡ ᠶᠢᠨ ᠬᠠᠷᠢᠶᠠᠯᠠᠯ ᠵᠢᠴᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢ ᠲᠣᠭᠲᠠᠭᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠡᠨᠧᠷᠭᠢ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ | ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈ | ᠶᠢᠰᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠨ ᠭᠦᠨᠵᠡᠭᠡᠶᠢᠷᠡᠭᠦᠯᠬᠦ ᠬᠡᠷᠡᠭᠲᠡᠢ | ᠲᠠᠷᠢᠶᠠᠨ ᠭᠠᠵᠠᠷ ᠤᠨ ᠴᠠᠬᠢᠯᠭᠠᠨ ᠬᠠᠩᠭᠠᠬᠤ ᠢᠨᠵᠧᠨᠧᠷᠢᠩ ᠳᠤ ︽ᠪᠠᠶᠢᠭᠤᠯᠬᠤ ᠬᠠᠮᠢᠶᠠᠷᠬᠤ ᠠᠵᠢᠯᠯᠠᠭᠤᠯᠬᠤ︾ ᠶᠢ ᠨᠢᠭᠡ ᠴᠣᠭᠴᠠᠵᠢᠭᠤᠯᠬᠤ ᠶᠢ | ᠠᠬᠢᠭᠤᠯᠤᠨ᠂ ᠴᠠᠬᠢᠯᠭᠠᠨ ᠬᠦᠴᠦᠨ ᠤ ᠲᠣᠣᠷ ᠤᠨ ᠴᠠᠬᠢᠯᠭᠠᠨ ᠬᠠᠩᠭᠠᠵᠤ ᠪᠠᠶᠢᠭ᠎ᠠ ᠤᠰᠤᠯᠠᠯᠲᠠ ᠶᠢᠨ ᠭᠠᠵᠠᠷ ᠬᠡᠰᠡᠭ ᠪᠣᠯ ᠪᠣᠳᠠᠲᠠᠢ ᠶᠢ ᠦᠨᠳᠦᠰᠦᠯᠡᠨ ᠪᠡᠯᠡ | ᠣᠷᠣᠭᠤᠯᠤᠭᠰᠠᠨ ᠲᠤᠭ᠎ᠠ ᠬᠡᠮᠵᠢᠶ᠎ᠡ ᠶᠢ ᠭᠠᠷᠭᠠᠨ ᠠᠪᠴᠤ᠂ ᠬᠢᠷᠢ ᠭᠡᠮ ᠲᠠᠢ ᠨᠢᠭᠡᠴᠢ ᠳᠤ ᠨᠠᠶᠢᠳᠠᠨ ᠵᠢᠷᠤᠭ ᠲᠥᠯᠥᠪᠯᠡᠭᠡ᠂ ᠡᠳ᠋ ᠮᠠᠲ᠋ᠧᠷᠢᠶᠠᠯ ᠬᠤᠳᠠᠯᠳᠤᠨ ᠠᠪᠬᠤ᠂ | ᠪᠠᠷᠢᠯᠭ᠎ᠠ ᠪᠠᠷᠢᠬᠤ᠂ ᠬᠠᠮᠢᠶᠠᠷᠤᠨ ᠬᠠᠮᠠᠭᠠᠯᠠᠵᠤ ᠠᠵᠢᠯᠯᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠤᠰᠤᠯᠠᠬᠤ ᠪᠠ ᠤᠰᠤ ᠵᠠᠯᠠᠬᠤ ᠳᠤ ᠬᠡᠷᠡᠭᠯᠡᠬᠦ ᠴᠠᠬᠢᠯᠭᠠᠨ ᠤ | ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠳᠠᠭᠠᠭᠠᠴᠢᠯᠠᠯᠲᠠ ᠣᠨᠣᠭᠰᠠᠨ | ᠵᠣᠭᠤᠰᠤᠨ ᠲᠣᠭᠠᠨ ᠤ 10% ᠠᠴᠠ ᠳᠣᠣᠷ᠎ᠠ ᠦᠭᠡᠢ ᠬᠠᠷᠢᠴᠠᠯ ᠶᠣᠰᠣᠭᠠᠷ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠨᠠᠶᠢᠳᠠᠪᠤᠷᠢᠵᠢᠭᠤᠯᠤᠨ᠎ᠠ᠃ | ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠣᠭᠲᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ | ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠬᠡᠷᠡᠭᠵᠢᠭᠦᠯᠵᠦ ᠪᠣᠯᠬᠤ ᠦᠭᠡᠢ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ᠂ | ᠲᠠᠷᠢᠶᠠᠯᠠᠬᠤ ᠮᠠᠯᠵᠢᠬᠤ ᠡᠷᠦᠬᠡ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠬᠠᠮᠠᠭᠠᠯᠠᠯᠲᠠ ᠳᠤ ᠰᠢᠭᠤᠳ ᠣᠷᠣᠯᠴᠠᠭᠤᠯᠬᠤ ᠬᠡᠷᠡᠭᠲᠡᠢ᠃ ᠰᠠᠶᠢᠨ ᠲᠠᠷᠢᠶᠠᠨ ᠭᠠᠵᠠᠷ ᠢ ᠠᠮᠤ ᠪᠤᠳᠠᠭᠠᠨ ᠤ ᠲᠠᠷᠢᠮᠠᠯ ᠳᠤ ᠬᠡᠷᠡᠭᠯᠡᠬᠦ ᠶᠢ ᠪᠠᠷᠢᠮᠲᠠᠯᠠᠵᠤ᠂ | ᠤᠷᠢᠳ ᠢᠶᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ ᠨᠢ ᠲᠦᠷᠦᠯ ᠵᠦᠢᠯ ᠲᠣᠭᠲᠠᠭᠠᠬᠤ᠂ ᠤᠷᠢᠳ ᠢᠶᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ | ᠵᠣᠷᠢᠭᠵᠢᠭᠤᠯᠵᠤ᠂ ᠲᠠᠷᠢᠶᠠᠯᠠᠬᠤ ᠭᠠᠵᠠᠷ ᠢ ᠬᠠᠮᠲᠤ ᠳᠤ ᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ ᠮᠠᠯᠴᠢᠳ ᠤᠨ ᠬᠤᠷᠰᠢᠵᠤ ᠬᠠᠮᠲᠤᠷᠠᠯᠴᠠᠬᠤ | ᠡᠵᠡᠩᠨᠡᠯᠲᠡ ᠶᠢ ᠠᠬᠢᠭᠤᠯᠵᠤ᠂ ᠪᠦᠬᠦᠯᠢ ᠪᠠᠶᠢᠭᠤᠯᠤᠮᠵᠢᠲᠤ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ | ᠳᠡᠯᠭᠡᠷᠡᠭᠦᠯᠵᠦ᠂ ︽ᠰᠢᠯᠵᠢᠭᠦᠯᠦᠨ ᠡᠷᠭᠢᠯᠳᠦᠭᠦᠯᠬᠦ - ᠲᠠᠷᠢᠬᠤ - ᠡᠳ᠋ᠰᠢᠭᠦᠯᠬᠦ - ᠦᠢᠯᠡᠴᠢᠯᠡᠬᠦ - ᠡᠵᠡᠩᠨᠡᠨ ᠪᠣᠷᠣᠯᠠᠭᠤᠯᠬᠤ︾ ᠪᠦᠬᠦ ᠬᠡᠯᠬᠢᠶ᠎ᠡ ᠶᠢ ᠨᠠᠪᠲᠠᠷᠡᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠨᠡᠷᠡᠲᠦ ᠳᠡᠮᠳᠡᠭᠵᠢᠯᠲᠡ ᠶᠢ ᠠᠬᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶ᠋ᠢᠭ ᠠᠪᠬᠤ ᠪᠠ ᠭᠤᠣᠯ | ᠴᠣᠭᠴᠠ ᠶᠢᠨ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠪᠠᠨ ᠰᠠᠨᠠᠭᠠᠴᠢᠯᠠᠨ᠎ᠠ᠃ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ᠂ ᠰᠤᠮᠤ ᠰᠢᠶᠠᠩ | ᠪᠠᠯᠭᠠᠰᠤ ᠪᠠᠷ ᠨᠢᠭᠡᠴᠢ ᠪᠣᠯᠭᠠᠭᠰᠠᠨ᠂ ᠪᠥᠬᠦ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠠᠬᠢᠭᠤᠯᠬᠤ ᠶᠢ ᠤᠷᠢᠳ ᠢᠶᠠᠷ ᠳᠡᠮᠵᠢᠵᠦ᠂ ᠪᠥᠬᠦ ᠣᠷᠣᠨ | ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠲᠠᠢ ᠪᠠᠷ ᠪᠦᠲᠦᠭᠡᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ | ︽ᠣᠨᠴᠠᠭᠠᠢ ᠠᠴᠠ ᠲᠦᠭᠡᠮᠡᠯ ᠪᠣᠯᠭᠠᠬᠤ︾ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈ | ᠠᠷᠪᠠ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ | ᠱᠠᠭᠠᠷᠳᠠᠯᠭ᠎ᠠ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢᠭᠤᠳ | ᠬᠠᠷᠢᠭᠤᠴᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠬᠡᠷᠡᠭᠵᠢᠭᠦᠯᠬᠦ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠷᠥᠯ ᠵᠦᠢᠯ ᠢ ᠬᠢᠨᠠᠨ | ᠬᠠᠮᠢᠶᠠᠷᠬᠤ ᠨᠢᠭᠡᠴᠢ ᠶᠢ ᠲᠣᠳᠣᠷᠬᠠᠶᠢᠯᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠠᠵᠢᠯ ᠲᠥᠷᠥᠯ ᠤᠨ ᠬᠠᠮᠢᠶᠠᠷᠤᠯᠲᠠ ᠪᠠ ᠲᠤᠬᠠᠶᠢᠯᠠᠭᠰᠠᠨ | ᠠᠵᠢᠯ ᠤᠨ ᠵᠢᠯᠣᠭᠤᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠬᠥᠲᠥᠯᠥᠨ ᠵᠢᠯᠤᠭᠤᠳᠴᠤ ᠪᠠᠶᠢᠭᠠᠳ ᠣᠯᠠᠨ | ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠵᠥᠷᠢᠴᠡᠯ ᠢ ᠵᠣᠬᠢᠴᠠᠭᠤᠯᠤᠨ ᠰᠢᠢᠳᠪᠦᠷᠢᠯᠡᠵᠦ᠂ ᠪᠠᠶᠢᠴᠠᠭᠠᠵᠤ ᠰᠢᠯᠭᠠᠨ ᠬᠤᠷᠢᠶᠠᠵᠤ ᠠᠪᠬᠤ ᠳᠤ | ᠣᠷᠣᠯᠴᠠᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ︶ | ᠠᠷᠪᠠᠨ ᠨᠢᠭᠡ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠦᠨᠡᠯᠡᠵᠦ ᠱᠠᠩᠨᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠮᠦᠨᠡᠬᠢ ᠬᠤᠭᠤᠴᠠᠭᠠᠨ ᠤ ᠠᠵᠢᠯ᠂ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠬᠢᠭᠡᠳ ᠶᠠᠰᠤ ᠴᠢᠨᠠᠷ᠂ ᠪᠡᠯᠡ ᠮᠥᠩᠭᠦ ᠶᠢᠨ | ᠣᠷᠣᠭᠤᠯᠤᠯᠲᠠ ᠪᠠ ᠵᠠᠷᠤᠯᠭ᠎ᠠ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠠᠪᠬᠤ ᠪᠠ ᠵᠢᠷᠤᠭ ᠢᠶᠠᠷ ᠬᠥᠮᠥᠷᠭᠡ ᠳᠤ ᠣᠷᠣᠭᠤᠯᠬᠤ᠂ ᠪᠠᠶᠢᠭᠤᠯᠤᠭᠰᠠᠨ ᠤ ᠳᠠᠷᠠᠭᠠᠬᠢ | ᠬᠠᠮᠢᠶᠠᠷᠤᠯᠲᠠ ᠬᠠᠮᠠᠭᠠᠯᠠᠯᠲᠠ ᠪᠠ ᠳᠦᠷᠢᠮ ᠤᠨ ᠪᠠᠶᠢᠭᠤᠯᠤᠯᠲᠠ ᠵᠡᠷᠭᠡ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠳᠠᠷᠠᠭ᠎ᠠ ᠵᠢᠯ ᠨᠢ ᠲᠥᠷᠥᠯ ᠵᠦᠢᠯ ᠤᠨ ᠪᠡᠯᠡ | ᠮᠥᠩᠭᠦ ᠬᠤᠪᠢᠶᠠᠷᠢᠯᠠᠬᠤ ᠳᠤ ᠪᠠᠨ ᠱᠠᠩᠨᠠᠨ ᠬᠥᠬᠢᠭᠦᠯᠬᠦ ᠬᠡᠪᠴᠢᠶᠡᠨ ᠳᠤ ᠣᠷᠣᠭᠤᠯᠤᠭᠰᠠᠨ ᠭᠠᠵᠠᠷ ᠣᠷᠣᠨ ᠲᠡᠶᠢᠰᠢ ᠬᠡᠯᠪᠠᠶᠢᠯᠭᠡᠬᠦ ᠬᠡᠷᠡᠭᠲᠡᠢ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠤᠬᠠᠢ ᠶᠢᠨ ᠵᠢᠯ ᠳᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠢ ᠱᠠᠩᠨᠠᠨ ᠬᠥᠬᠢᠭᠦᠯᠵᠦ᠂ ᠪᠠᠶᠢᠭᠤᠯᠤᠭᠰᠠᠨ ᠲᠥᠷᠥᠯ ᠵᠦᠢᠯ ᠢᠶᠠᠨ | ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ 1000 ᠲᠦᠮᠡᠨ ᠲᠥᠭᠦᠷᠢᠭ ᠲᠣᠬᠢᠷᠠᠭᠤᠯᠤᠨ ᠱᠠᠩᠨᠠᠯ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃ ︽ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠨᠢᠭᠡᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ﹇2022﹈ 72 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ |