ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2024︺ 8 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ︾ | ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ | ᠲᠣᠭᠲᠠᠭᠠᠬᠤ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠬᠤ ᠶᠢᠨ ᠬᠠᠮᠲᠤ ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠮᠲᠤ ᠳᠤ ᠨᠢ ᠰᠠᠶᠢᠲᠤᠷ ᠠᠳᠬᠤᠰᠤᠭᠠᠢ᠃ | | ᠨᠢᠭᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠤᠯᠤᠰ ᠤᠨ ᠬᠠᠤᠯᠢ ᠪᠠᠷ ᠵᠠᠰᠠᠬᠤ ᠶᠢᠨ ᠨᠢᠭᠡᠳᠦᠯ ᠢ ᠦᠨᠡᠨ ᠬᠦ ᠬᠠᠮᠠᠭᠠᠯᠠᠬᠤ ᠬᠡᠷᠡᠭᠲᠡᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠠᠲᠤ ᠴᠢᠩᠭ᠎ᠠ | ᠡᠵᠡᠮᠳᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ | ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠤᠨ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠬᠤ ᠪᠠ ᠴᠢᠳᠠᠮᠠᠭᠠᠢ ᠪᠠᠷ | ᠵᠠᠰᠠᠯᠲᠠ ᠬᠢᠬᠦ ᠶᠢ ᠪᠠᠲᠤᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ | ᠪᠠᠬᠢ ᠬᠠᠤᠯᠢ ᠪᠠᠷ ᠵᠠᠰᠠᠬᠤ ᠶᠢᠨ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ᠃ | ᠬᠤᠶᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠦᠨ᠂ | ᠬᠠᠤᠯᠢ ᠲᠣᠭᠲᠠᠭᠠᠯᠲᠠ ᠶᠢᠨ ᠴᠢᠨᠠᠷ ᠰᠠᠶᠢᠲᠠᠢ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠱᠠᠭᠠᠷᠳᠠᠯᠭ᠎ᠠ ᠶᠢ ᠬᠠᠤᠯᠢ ᠲᠣᠭᠲᠠᠭᠠᠬᠤ ᠡᠯ᠎ᠡ ᠭᠤᠭᠴᠤᠭ᠎ᠠ ᠳᠤ ᠲᠤᠭᠤᠰᠢᠯᠠᠭᠤᠯᠬᠤ | ᠬᠡᠷᠡᠭᠲᠡᠢ᠃ ᠬᠠᠤᠯᠢ ᠲᠣᠭᠲᠠᠭᠠᠬᠤ ᠲᠥᠷᠥᠯ ᠵᠦᠢᠯ ᠢ ᠲᠤᠭᠤᠷᠪᠢᠬᠤ᠂ ᠬᠢᠨᠠᠨ ᠪᠠᠶᠢᠴᠠᠭᠠᠬᠤ᠂ ᠵᠣᠬᠢᠴᠠᠭᠤᠯᠬᠤ᠂ ᠵᠠᠰᠠᠪᠤᠷᠢ ᠣᠷᠣᠭᠤᠯᠬᠤ ᠶᠠᠪᠤᠴᠠ ᠳᠤ᠂ ᠬᠠᠤᠯᠢ | ᠲᠣᠭᠲᠠᠭᠠᠯᠲᠠ ᠳᠤ ᠤᠯᠠᠨ ᠲᠦᠮᠡᠨ ᠤ ᠡᠮᠬᠢ ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ ᠪᠦᠲᠦᠮᠵᠢᠲᠡᠶ ᠥᠷᠭᠡᠳᠬᠡᠵᠦ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠬᠠᠤᠯᠢ ᠲᠣᠭᠲᠠᠭᠠᠬᠤ ᠦᠢᠯᠡᠳᠦᠯᠭᠡ ᠶᠢᠨ ᠶᠠᠪᠤᠴᠠ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠠᠤᠯᠢ | ᠲᠣᠭᠲᠠᠭᠠᠯᠲᠠ ᠳᠤ ᠣᠷᠣᠯᠴᠠᠬᠤ ᠨᠡᠶᠢᠭᠡᠮ ᠨᠡᠶᠢᠲᠡ ᠶᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ ᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ | ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠷᠠᠳ ᠤᠨ ᠠᠮᠢᠳᠤᠷᠠᠯ ᠳᠤ ᠣᠶᠢᠷᠠᠳᠬᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠭ᠎ᠠ | ᠪᠣᠳᠣᠯ ᠢ ᠰᠣᠨᠣᠰᠬᠤ᠂ ᠠᠷᠠᠳ ᠤᠨ ᠤᠬᠠᠭᠠᠨ ᠰᠠᠮᠪᠠᠭ᠎ᠠ ᠶᠢ ᠲᠥᠪᠯᠡᠷᠡᠭᠦᠯᠬᠦ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠢᠯᠡ ᠪᠠᠷ ᠰᠠᠨᠠᠯ ᠬᠤᠷᠢᠶᠠᠬᠤ᠂ | ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠥᠷᠨᠢᠭᠦᠯᠬᠦ᠂ ᠬᠠᠤᠯᠢ ᠲᠣᠭᠲᠠᠭᠠᠬᠤ ᠵᠥᠪᠳᠡᠯᠴᠡᠭᠡ ᠵᠣᠬᠢᠶᠠᠨ ᠪᠠᠶᠢᠭᠤᠯᠬᠤ᠂ ᠬᠠᠤᠯᠢ ᠲᠣᠭᠲᠠᠭᠠᠬᠤ | ᠨᠤᠲᠠᠯᠠᠯᠲᠠ ᠶᠢᠨ ᠬᠤᠷᠠᠯ ᠪᠠ ᠰᠠᠭᠤᠳᠠᠯ ᠤᠨ ᠬᠤᠷᠠᠯ ᠢ ᠬᠤᠷᠠᠯᠳᠤᠭᠤᠯᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠦᠨᠳᠦᠰᠦᠨ | ᠱᠠᠲᠤᠨ ᠤ ᠤᠯᠠᠨ ᠲᠦᠮᠡᠨ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠬᠤᠳᠠᠯᠳᠤᠭᠠᠴᠢᠳ ᠤᠨ ᠡᠪᠯᠡᠯ ᠤᠨ ᠰᠠᠨᠠᠯ ᠢ | ᠥᠷᠭᠡᠨ ᠢᠶᠠᠷ ᠰᠣᠨᠣᠰᠴᠤ᠂ ᠬᠠᠤᠯᠢ ᠲᠣᠭᠲᠠᠭᠠᠯᠲᠠ ᠶᠢᠨ ᠬᠠᠨᠳᠤᠯᠭᠠᠲᠤ ᠴᠢᠨᠠᠷ᠂ ᠣᠨᠣᠪᠴᠢ ᠶᠢᠨ ᠬᠡᠮᠵᠢᠶ᠎ᠡ᠂ ᠪᠣᠳᠠᠲᠤ ᠦᠷ᠎ᠡ ᠪᠦᠲᠦᠮᠵᠢᠲᠦ ᠴᠢᠨᠠᠷ ᠢ | ᠳᠡᠭᠡᠭᠰᠢᠯᠡᠭᠦᠯᠵᠦ᠂ ᠲᠣᠭᠲᠠᠭᠠᠭᠰᠠᠨ ᠬᠠᠤᠯᠢ ᠶᠢᠨ ᠲᠣᠭᠲᠠᠨᠢᠵᠤ ᠳᠡᠶᠢᠯᠬᠦ᠂ ᠶᠠᠪᠤᠭᠳᠠᠵᠤ ᠳᠡᠶᠢᠯᠬᠦ᠂ ᠵᠢᠩᠬᠢᠨᠢ ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ | ᠭᠤᠷᠪᠠ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠠᠤᠯᠢ ᠲᠣᠭᠲᠠᠭᠠᠬᠤ | ᠲᠥᠯᠥᠪᠯᠡᠭᠡ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠬᠤ ᠬᠡᠷᠡᠭᠲᠡᠢ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠠᠤᠯᠢ | ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠲᠣᠭᠲᠠᠭᠠᠬᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠦᠨ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠯ᠎ᠡ | ᠲᠠᠯ᠎ᠠ ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠬᠤ ᠶᠠᠪᠤᠴᠠ ᠳᠠᠬᠢ ᠬᠠᠤᠯᠢ ᠲᠣᠭᠲᠠᠭᠠᠯᠲᠠ ᠶᠢᠨ ᠰᠠᠭᠤᠷᠢᠯᠠᠬᠤ ᠴᠢᠨᠠᠷ᠂ ᠪᠠᠲᠤᠯᠠᠭᠠᠲᠤ ᠴᠢᠨᠠᠷ ᠤᠨ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠤᠭᠤᠷᠪᠢᠬᠤ ᠰᠠᠯᠠᠭ᠎ᠠ ᠮᠥᠴᠢᠷ ᠨᠢ ᠲᠤᠭᠤᠷᠪᠢᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠪᠠᠶᠢᠴᠠᠭᠠᠨ ᠰᠤᠳᠤᠯᠵᠤ ᠨᠤᠲᠠᠯᠠᠬᠤ᠂ ᠰᠠᠨᠠᠯ ᠬᠤᠷᠢᠶᠠᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ | ᠣᠨᠣᠪᠴᠢᠲᠠᠶ ᠡᠵᠡᠮᠳᠡᠵᠦ᠂ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ︔ ᠡᠯ᠎ᠡ ᠲᠠᠯ᠎ᠠ ᠶᠢᠨ ᠬᠢᠨ ᠤ ᠰᠠᠨᠠᠯ ᠢ | ᠰᠣᠨᠣᠰᠬᠤ ᠶᠢ ᠴᠢᠬᠤᠯᠠᠴᠢᠯᠠᠵᠤ᠂ ᠪᠤᠰᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠬᠤᠯᠪᠣᠭᠳᠠᠭᠰᠠᠨ ᠪᠠᠶᠢᠪᠠᠯ ᠭᠦᠢᠴᠡᠳ ᠵᠥᠪᠳᠡᠯᠴᠡᠨ᠂ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠂ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠪᠠᠶᠢᠪᠠᠯ | ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ︔ | ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠳᠤ ᠪᠡᠷᠬᠡᠲᠡᠢ ᠴᠢᠬᠤᠯᠠ ᠶᠡᠭᠡ ᠰᠠᠨᠠᠯ | ᠵᠥᠷᠢᠯᠳᠦᠭᠡᠨ ᠢ ᠴᠠᠭ ᠲᠤᠬᠠᠢ ᠳᠤ ᠨᠢ ᠳᠡᠰ ᠳᠠᠷᠠᠭᠠᠯᠠᠯ ᠤᠨ ᠶᠣᠰᠣᠭᠠᠷ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠬᠤᠷᠢᠶᠠᠭᠰᠠᠨ ᠡᠯ᠎ᠡ ᠲᠠᠯ᠎ᠠ ᠶᠢᠨ ᠬᠢᠨ ᠤ ᠰᠠᠨᠠᠯ᠂ ᠣᠷᠣᠰᠢᠵᠤ ᠪᠠᠶᠢᠭ᠎ᠠ ᠴᠢᠬᠤᠯᠠ ᠶᠡᠭᠡ | ᠰᠠᠨᠠᠯ ᠵᠥᠷᠢᠯᠳᠦᠭᠡᠨ ᠵᠢᠴᠢ ᠲᠡᠭᠦᠨ ᠢ ᠵᠣᠬᠢᠴᠠᠭᠤᠯᠤᠨ ᠰᠢᠢᠳᠪᠦᠷᠢᠯᠡᠭᠰᠡᠨ ᠵᠡᠷᠭᠡ ᠪᠠᠶᠢᠳᠠᠯ ᠢ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠵᠦ᠂ ᠲᠥᠷᠥᠯ | ᠵᠦᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠦᠨ᠂ ᠬᠢᠨᠠᠭᠤᠯᠬᠤ ᠡᠬᠡ ᠨᠣᠣᠷᠠᠭ ᠪᠤᠶᠤ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠪᠠᠨ ᠴᠠᠭ ᠲᠤ ᠨᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠵᠦ᠂ ᠵᠠᠰᠠᠪᠤᠷᠢ ᠣᠷᠣᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠨᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠬᠠᠤᠯᠢ ᠲᠣᠭᠲᠠᠭᠠᠬᠤ ᠲᠥᠷᠥᠯ ᠵᠦᠢᠯ ᠢ ᠬᠢᠨᠠᠨ | ᠬᠠᠷᠭᠤᠭᠤᠯᠵᠤ ᠬᠠᠷᠢᠭᠤᠴᠠᠨ ᠡᠵᠡᠮᠳᠡᠬᠦ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠲᠣᠭᠲᠠᠭᠠᠬᠤ | ᠲᠥᠯᠥᠪᠯᠡᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ︔ ᠨᠡᠶᠢᠲᠡᠯᠡᠬᠦ ᠪᠠᠷ ᠪᠠᠴᠢᠮ ᠱᠠᠭᠠᠷᠳᠠᠭᠳᠠᠵᠤ ᠪᠠᠶᠢᠭ᠎ᠠ ᠴᠢᠬᠤᠯᠠ ᠶᠡᠭᠡ | ᠬᠠᠤᠯᠢ ᠲᠣᠭᠲᠠᠭᠠᠬᠤ ᠲᠥᠷᠥᠯ ᠵᠦᠢᠯ ᠳᠤ᠂ ᠬᠦᠴᠦᠨ ᠢᠶᠠᠨ ᠨᠢᠭᠡᠳᠦᠯᠲᠡᠢ ᠲᠥᠯᠥᠪᠯᠡᠨ᠂ ᠤᠷᠢᠳᠴᠢᠯᠠᠨ ᠣᠷᠣᠯᠴᠠᠵᠤ᠂ ᠲᠦᠷᠭᠡᠳᠬᠡᠨ ᠠᠬᠢᠭᠤᠯᠬᠤ ᠬᠡᠷᠡᠭᠲᠡᠢ︔ | ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠬᠢᠨᠠᠨ ᠪᠠᠶᠢᠴᠠᠭᠠᠬᠤ᠂ ᠵᠣᠬᠢᠴᠠᠭᠤᠯᠬᠤ᠂ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠵᠦ᠂ | ᠲᠣᠭᠲᠠᠭᠠᠯ ᠳᠦᠷᠢᠮ ᠤᠨ ᠡᠬᠡ ᠲᠥᠰᠥᠯ ᠨᠢ ᠦᠨᠳᠦᠰᠦᠨ ᠬᠠᠤᠯᠢ ᠶᠢᠨ ᠲᠣᠭᠲᠠᠭᠠᠯ᠂ ᠵᠠᠷᠴᠢᠮ ᠪᠠ ᠵᠣᠷᠢᠭ ᠰᠠᠨᠠᠭ᠎ᠠ ᠲᠠᠢ ᠨᠡᠶᠢᠴᠡᠬᠦ᠂ ᠨᠠᠮ ᠪᠠ ᠤᠯᠤᠰ ᠤᠨ | ᠦᠨᠳᠦᠰᠦᠨ ᠴᠢᠭᠯᠡᠯᠲᠡ᠂ ᠲᠥᠷᠥ ᠶᠢᠨ ᠪᠣᠳᠣᠯᠭ᠎ᠠ ᠲᠠᠢ ᠨᠡᠶᠢᠴᠡᠬᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠪᠠ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠨᠡᠶᠢᠴᠡᠬᠦ᠂ ᠬᠠᠤᠯᠢ ᠲᠣᠭᠲᠠᠭᠠᠬᠤ ᠡᠷᠬᠡ ᠶᠢᠨ ᠬᠢᠵᠠᠭᠠᠷ᠂ ᠬᠠᠤᠯᠢ ᠲᠣᠭᠲᠠᠭᠠᠬᠤ ᠳᠡᠰ | ᠳᠠᠷᠠᠭᠠᠯᠠᠯ ᠪᠠ ᠬᠠᠤᠯᠢ ᠲᠣᠭᠲᠠᠭᠠᠬᠤ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | | | 2024 ᠣᠨ ᠤ 2 ᠳ᠋ᠤᠭᠠᠷ ᠰᠠᠷ᠎ᠠ ᠶᠢᠨ 7 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |