ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2024︺ 37 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | 2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ | ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠥᠪᠡᠷᠲᠡᠭᠡᠨ | ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︿ | ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠥᠯ﹀ ᠢ ᠤᠯᠠᠮᠵᠢᠯᠠᠨ | ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ︹2024︺ 20 ᠳ᠋ᠤᠭᠠᠷ | ᠲᠣᠭᠠᠲᠤ︶ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2025 ᠣᠨ ᠪᠣᠯᠬᠤ ᠳᠤ᠂ ᠪᠥᠬᠦ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠳᠦᠷᠢᠮ ᠤᠨ | ᠲᠣᠭᠲᠠᠯᠴᠠᠭ᠎ᠠ ᠶᠢ ᠨᠠᠩ ᠪᠦᠷᠢᠨᠰᠢᠭᠦᠯᠵᠦ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠤᠭᠰᠠᠨ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ᠂ ᠡᠨᠧᠷᠭᠢ ᠶᠢᠨ ᠬᠤᠷᠣᠭᠳᠠᠯ ᠪᠠᠷᠤᠭ ᠦᠭᠡᠢ | ᠪᠠᠷᠢᠯᠭ᠎ᠠ ᠶᠢᠨ ᠲᠠᠯᠠᠪᠠᠶ ᠶᠢ 30 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠲᠠᠯᠠᠪᠠᠶ ᠶᠢ 2023 ᠣᠨ ᠤ ᠬᠢ ᠠᠴᠠ 500 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠨᠡᠮᠡᠭᠳᠡᠭᠦᠯᠦᠨ᠂ ᠪᠠᠷᠢᠯᠭ᠎ᠠ ᠳᠤ | ᠬᠡᠷᠡᠭᠯᠡᠬᠦ ᠡᠨᠧᠷᠭᠢ ᠳᠠᠬᠢ ᠴᠠᠬᠢᠯᠭᠠᠨ ᠬᠦᠴᠦᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠢ 40% ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠬᠤᠲᠠ | ᠪᠠᠯᠭᠠᠰᠤᠨ ᠤ ᠪᠠᠷᠢᠯᠭ᠎ᠠ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠷᠢᠯᠭ᠎ᠠ ᠶᠢᠨ | ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠭᠠᠨ᠎ᠠ᠃ 2027 ᠣᠨ ᠪᠣᠯᠬᠤ ᠳᠤ᠂ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠢᠭᠡ ᠪᠦᠯᠦᠭ ᠬᠡᠲᠦ ᠳᠣᠣᠷ᠎ᠠ | ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠪᠠᠶᠢᠭᠤᠯᠤᠨ ᠪᠦᠲᠦᠭᠡᠵᠦ᠂ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠪᠦᠲᠦᠴᠡ ᠶᠢ ᠨᠠᠩ ᠰᠢᠯᠢᠳᠡᠭᠵᠢᠭᠦᠯᠦᠨ᠂ | ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠵᠦ᠂ | ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ᠃ | |