ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ 3
ᠨᠡᠶᠢᠲᠡᠯᠡᠭᠰᠡᠨ ᠴᠠᠭ᠄
2024/11/6
        ᠭᠤᠷᠪᠠ᠂ ᠠᠵᠢᠯ ᠤᠨ ᠱᠠᠭᠠᠷᠳᠠᠯᠭ᠎ᠠ         ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠲᠣᠰ ᠲᠥᠰᠥᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠠᠷᠢᠯᠭ᠎ᠠ ᠶᠢᠨ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠠᠷᠴᠤ ᠮᠡᠳᠡᠬᠦ ᠠᠰᠠᠭᠤᠳᠠᠯ ᠪᠠ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                        2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ