︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶ ᠶᠢᠨ ᠰᠠᠨᠠᠯ ᠬᠤᠷᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/11/6
        ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠳᠠᠭᠠᠭᠤᠯᠤᠭᠴᠢ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠢ ᠲᠡᠭᠦᠯᠳᠡᠷᠵᠢᠭᠦᠯᠦᠨ᠎ᠡ᠂ ᠮᠠᠭᠠᠳᠯᠠᠨ ᠲᠣᠭᠲᠠᠭᠠᠬᠤ ᠪᠠ ᠬᠢᠨᠠᠨ ᠬᠡᠮᠵᠢᠬᠦ ᠠᠵᠢᠯ᠂ ᠤᠯᠤᠰ ᠤᠨ ᠣᠶ ᠰᠢᠭᠤᠶ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠰᠣᠩᠭᠤᠨ ᠭᠠᠷᠭᠠᠬᠤ ᠠᠵᠢᠯ ᠯᠤᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 262 ᠳ᠋ᠤᠭᠠᠷ ᠲᠣᠭᠠᠲᠤ︶ ᠶᠢ ᠦᠨᠳᠦᠰᠦᠯᠡᠨ᠂ ︽ᠤᠯᠤᠰ ᠤᠨ ᠣᠶ ᠰᠢᠭᠤᠶ ᠶᠢᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠠᠷᠭ᠎ᠠ︾ ︵ᠣᠶ ᠰᠢᠭᠤᠶ ᠶᠢᠨ ᠥᠭᠡᠷᠡᠴᠢᠯᠡᠯᠲᠡ ᠶᠢᠨ ᠲᠣᠭᠲᠠᠭᠠᠯ ︹2023︺ 5 ᠳ᠋ᠤᠭᠠᠷ ᠲᠣᠭᠠᠲᠤ︶ ᠶᠢᠨ ᠬᠠᠮᠢᠶ᠎ᠠ ᠪᠥᠬᠦᠶ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶ ᠶᠢ ᠲᠤᠭᠤᠷᠪᠢᠪᠠ᠂ ᠡᠳᠦᠭᠡ ᠥᠷᠭᠡᠨ ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠢᠯᠡ ᠪᠠᠷ ᠬᠤᠷᠢᠶᠠᠨ᠎ᠠ᠂ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ᠂ ᠵᠠᠬᠢᠳᠠᠯ ᠪᠤᠶᠤ ᠢᠮᠧᠯ ᠤᠨ ᠬᠡᠯᠪᠡᠷᠢ ᠪᠠᠷ ᠰᠠᠨᠠᠯ ᠢᠶᠠᠨ ᠥᠭᠭᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠭᠡᠷᠡᠴᠢᠯᠡᠯᠲᠡ ᠬᠦᠭᠵᠢᠭᠦᠯᠦᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠭᠠᠵᠠᠷ ᠲᠤ ᠬᠠᠷᠢᠭᠤ ᠲᠤᠰᠬᠠᠬᠤ ᠪᠤᠯᠪᠠᠤ᠃ ᠲᠠᠨ ᠤ ᠠᠩᠬᠠᠷᠤᠯ ᠪᠠ ᠳᠡᠮᠵᠢᠯᠭᠡ ᠳᠤ ᠪᠠᠶᠠᠷᠯᠠᠯ᠎ᠠ︕         ︵ᠬᠠᠷᠢᠯᠴᠠᠬᠤ ᠬᠥᠮᠦᠨ᠄ ᠬᠠᠨ ᠶᠢᠩ ᠯᠢ ᡁᠢ ᠬᠤᠸᠠ︔ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠤᠸᠠᠢ ᠶᠤᠸᠠᠨ ᠵᠡᠭᠦᠨ ᠵᠡᠭᠡᠯᠢ ᠶᠢᠨ 23 ᠳ᠋ᠤᠭᠠᠷ ᠨᠣᠮᠧᠷ᠂ ᠰᠢᠤᠳᠠᠨ ᠳ᠋ᠤᠭᠠᠷ᠄ 010010︔ ᠢᠮᠧᠯ᠄ amahan 331 @ 163.com︔ ᠬᠠᠷᠢᠯᠴᠠᠬᠤ ᠤᠲᠠᠰᠤ᠄ 0471 - 3380216︶᠃         ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰᠵᠢᠭᠰᠡᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠤᠤᠷᠠᠭ︶                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                                               2024 ᠣᠨ ᠤ 9 ᠰᠠᠷ᠎ᠠ ᠶᠢᠨ 14 ᠤ ᠡᠳᠦᠷ  
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ