ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 2024 ᠣᠨ ᠳᠤ ᠠᠬᠠᠮᠠᠳ ᠲᠠᠮᠢᠷᠴᠢᠨ ᠪᠠ ᠠᠬᠠᠮᠠᠳ ᠰᠤᠷᠭᠠᠭᠴᠢ ᠶᠢ ᠪᠡᠯᠡ ᠮᠦᠩᠭᠦ ᠪᠠᠷ ᠲᠤᠰᠠᠯᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/11/7
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠬᠠᠮᠠᠳ ᠲᠠᠮᠢᠷᠴᠢᠨ ᠪᠠ ᠠᠬᠠᠮᠠᠳ ᠰᠤᠷᠭᠠᠭᠴᠢ ᠢ ᠬᠠᠯᠠᠮᠵᠢᠯᠠᠨ ᠲᠤᠰᠠᠯᠠᠬᠤ ᠪᠠᠯᠠ ᠮᠥᠩᠭᠦ ᠭᠤᠶᠤᠴᠢᠯᠠᠬᠤ ᠪᠠ ᠤᠯᠭᠤᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠲᠣᠰ ᠬᠥᠮᠦᠨ ᠤ ᠭᠤᠶᠤᠴᠢᠯᠠᠬᠤ᠂ ᠨᠢᠭᠡᠴᠢ ᠠᠴᠠ ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠰᠬᠠᠶ ᠰᠡᠳᠦᠪᠲᠦ ᠬᠤᠷᠠᠯ ᠢᠶᠠᠷ ᠰᠤᠳᠤᠯᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠣᠲᠣ 2024 ᠣᠨ ᠤ ᠲᠤᠰᠠᠯᠠᠮᠵᠢ ᠶᠢᠨ ᠪᠠᠶᠢᠳᠠᠯ ᠢ ᠢᠯᠡ ᠨᠡᠶᠢᠲᠡᠯᠡᠪᠡ᠃         ᠨᠢᠭᠡ᠂ ᠲᠤᠰᠠᠯᠠᠨ ᠳᠡᠮᠵᠢᠬᠦ ᠠᠵᠢᠯᠲᠠᠨ ᠵᠢᠴᠢ ᠲᠤᠰᠠᠯᠠᠨ ᠳᠡᠮᠵᠢᠬᠦ ᠪᠡᠯᠡ ᠮᠦᠩᠭᠦ         1. ᠵᠠᠩ ᠬᠦᠶ ᡁᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠲᠥᠪ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ︵ᠤᠤᠯ ᠤᠨ ᠪᠡᠶ᠎ᠡ ᠶᠢᠨ ᠲᠠᠮᠢᠷ ᠤᠨ ᠨᠢᠭᠡᠳᠦᠭᠡᠷ ᠶᠡᠭᠡ ᠠᠩᠭᠢ ᠶᠢᠨ ᠲᠠᠮᠢᠷᠴᠢᠨ︶ ᠤᠷᠲᠤ ᠬᠤᠭᠤᠴᠠᠭᠠᠨ ᠤ ᠪᠣᠯᠪᠠᠰᠤᠷᠠᠯ ᠤᠷᠤᠯᠳᠤᠭᠠᠨ ᠠᠴᠠ ᠪᠣᠯᠵᠣ ᠭᠤᠷᠪᠠᠨ ᠲᠥᠷᠥᠯ ᠤᠨ ᠲᠠᠮᠢᠷ ᠤᠨ ᠬᠥᠳᠡᠯᠭᠡᠭᠡᠨ ᠤ ᠵᠡᠮᠳᠡᠭ ᠪᠣᠯᠤᠭᠰᠠᠨ ︵ᠬᠡᠰᠡᠭ ᠰᠤᠪᠢᠯᠠᠯᠲᠠ ᠳᠤ ᠲᠦᠰᠢᠭᠯᠡᠨ᠎ᠡ︶ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠤᠯᠠ 2 ᠲᠦᠮᠡᠨ ᠲᠥᠭᠦᠷᠢᠭ ᠤᠨ ᠪᠡᠯᠡ ᠮᠦᠩᠭᠦ ᠪᠠᠷ ᠲᠤᠰᠠᠯᠠᠬᠤ ᠪᠠᠷ ᠪᠤᠢ᠃         2. ᠪᠥᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠦᠷᠢᠰᠦᠯᠳᠦᠭᠡᠨᠳᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠪ ᠤᠨ ᠠᠵᠢᠯ ᠠᠴᠠ ᠪᠠᠨ ᠠᠮᠠᠷᠠᠭᠰᠠᠨ ᠰᠤᠷᠭᠠᠭᠴᠢ ︵ᠤᠤᠯ ᠤᠨ ᠪᠡᠶ᠎ᠡ ᠶᠢᠨ ᠲᠠᠮᠢᠷ ᠤᠨ ᠭᠤᠷᠪᠠᠳᠤᠭᠠᠷ ᠶᠡᠭᠡ ᠠᠩᠭᠢ ᠶᠢᠨ ᠲᠠᠮᠢᠷᠴᠢᠨ︶ ᠬᠦᠨᠳᠦ ᠶᠡᠭᠡ ᠡᠪᠡᠳᠴᠢᠨ ᠡᠮᠭᠡᠭ᠂ ᠭᠡᠨᠡᠳᠲᠡ ᠶᠢᠨ ᠬᠡᠷᠡᠭ ᠵᠡᠷᠭᠡ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠤᠯᠤᠭᠰᠠᠨ ᠬᠥᠮᠥᠰ ᠤᠨ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠤᠯᠠ 1 ᠲᠦᠮᠡᠨ ᠲᠥᠭᠦᠷᠢᠭ ᠤᠨ ᠪᠡᠯᠡ ᠮᠦᠩᠭᠦ ᠪᠠᠷ ᠲᠤᠰᠠᠯᠠᠬᠤ ᠪᠠᠷ ᠪᠤᠢ᠃         ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ         2024 ᠣᠨ ᠤ 9 ᠰᠠᠷ᠎ᠠ ᠶᠢᠨ 14 ᠤ ᠡᠳᠦᠷ ᠠᠴᠠ 9 ᠰᠠᠷ᠎ᠠ ᠶᠢᠨ 23 ᠤ ᠡᠳᠦᠷ         ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ         ᠨᠢᠭᠡᠴᠢ ᠪᠤᠶᠤ ᠬᠤᠪᠢ ᠬᠥᠮᠦᠨ ᠨᠢ ᠨᠡᠶᠢᠲᠡᠯᠡᠭᠰᠡᠨ ᠪᠠᠶᠢᠳᠠᠯ ᠳᠤ ᠣᠨᠳᠣᠤ ᠰᠠᠨᠠᠯ ᠲᠠᠢ ᠪᠣᠯ᠂ ᠤᠳᠠᠰᠦ᠂ ᠰᠤᠷᠪᠤᠯᠵᠢᠯᠠᠭ᠎ᠠ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠵᠤ ᠪᠠᠶᠢᠭ᠎ᠠ ᠠᠰᠠᠭᠤᠳᠠᠯ ᠳᠠᠭᠠᠨ ᠪᠠᠶᠢᠴᠠᠭᠠᠵᠦ ᠪᠣᠯᠬᠤ ᠭᠡᠷᠡᠴᠢ ᠪᠠ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠬᠠᠩᠭᠠᠨ᠎ᠠ᠃         ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 14᠄ 30 - 17᠄ 30         ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 6396117                                      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ                                                                 2024 ᠣᠨ ᠤ 9 ᠰᠠᠷ᠎ᠠ ᠶᠢᠨ 13 ᠤ ᠡᠳᠦᠷ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ