ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠤᠷᠢᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ ᠨᠠᠶᠢᠳᠠ ᠳᠤ ᠵᠠᠷᠯᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/7
        ︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠪᠠ ﹇2024﹈ 18 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠶᠢᠲᠡᠯᠡᠬᠦ᠂ ᠨᠡᠷ᠎ᠡ ᠮᠡᠳᠡᠭᠦᠯᠬᠦ ᠶᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠠᠴᠠ ᠦᠨᠡᠯᠡᠵᠦ ᠬᠢᠨᠠᠨ ᠲᠣᠭᠲᠠᠭᠠᠬᠤ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠨᠠᠶᠢᠳᠠ 4 ᠬᠥᠮᠥᠨ ᠤᠷᠢᠵᠤ ᠣᠷᠣᠭᠤᠯᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠪᠠ᠂ ᠣᠲᠣ ᠤᠷᠢᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠵᠢᠴᠢ ᠡᠲᠡᠭᠡᠷ ᠬᠥᠮᠥᠰ ᠢ ᠤᠷᠢᠨ ᠬᠡᠷᠡᠭᠯᠡᠬᠦ ᠪᠠᠷ ᠪᠠᠶᠢᠭ᠎ᠠ ᠨᠢᠭᠡᠴᠢ ᠶᠢ ᠵᠠᠷᠯᠠᠨ ᠨᠡᠶᠢᠲᠡᠯᠡᠶ᠎ᠡ᠃         ᠨᠢᠭᠡ᠂ ᠵᠠᠷᠯᠠᠨ ᠨᠡᠶᠢᠲᠡᠯᠡᠬᠦ ᠡᠲᠡᠭᠡᠳ         ᠼᠤᠤ ᠵᠧᠨ᠂ ᠡᠮᠡᠭᠲᠡᠢ᠂ ᠬᠢᠲᠠᠳ ᠦᠨᠳᠦᠰᠦᠲᠡᠨ᠂ 1990 ᠣᠨ ᠤ 5 ᠰᠠᠷ᠎ᠠ ᠳᠤ ᠲᠥᠷᠥᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠨᠠᠭᠠᠬᠤ ᠤᠬᠠᠭᠠᠨ ᠤ ᠳ᠋ᠣᠺᠲ᠋ᠣᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ︵ᠪᠠᠭᠰᠢ ᠶᠢᠨ ᠠᠵᠢᠯ ᠤᠨ ᠪᠠᠶᠢᠷᠢ︶ ᠳᠤ ᠤᠷᠢᠨ ᠬᠡᠷᠡᠭᠯᠡᠬᠦ ᠪᠠᠷ ᠪᠣᠢ᠃         ᠰᠥᠩ ᠰᠢᠤᠸᠠᠢ ᠬᠤᠩ᠂ ᠡᠮᠡᠭᠲᠡᠢ᠂ ᠬᠢᠲᠠᠳ ᠦᠨᠳᠦᠰᠦᠲᠡᠨ᠂ 1988 ᠣᠨ ᠤ 1 ᠰᠠᠷ᠎ᠠ ᠳᠤ ᠲᠥᠷᠥᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠢ ᠶᠢᠨ ᠤᠬᠠᠭᠠᠨ ᠤ ᠳ᠋ᠣᠺᠲ᠋ᠣᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ︵ᠪᠠᠭᠰᠢ ᠶᠢᠨ ᠠᠵᠢᠯ ᠤᠨ ᠪᠠᠶᠢᠷᠢ︶ ᠳᠤ ᠤᠷᠢᠨ ᠬᠡᠷᠡᠭᠯᠡᠬᠦ ᠪᠠᠷ ᠪᠣᠢ᠃         ᠴᠧᠨ ᠬᠠᠢ ᠯᠢ᠂ ᠡᠮᠡᠭᠲᠡᠢ᠂ ᠮᠣᠩᠭᠤᠯ ᠦᠨᠳᠦᠰᠦᠲᠡᠨ᠂ 1986 ᠣᠨ ᠤ 1 ᠰᠠᠷ᠎ᠠ ᠳᠤ ᠲᠥᠷᠥᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠨᠠᠭᠠᠬᠤ ᠤᠬᠠᠭᠠᠨ ᠤ ᠳ᠋ᠣᠺᠲ᠋ᠣᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ︵ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠪᠠᠶᠢᠷᠢ︶ ᠳᠤ ᠤᠷᠢᠨ ᠬᠡᠷᠡᠭᠯᠡᠬᠦ ᠪᠠᠷ ᠪᠣᠢ᠃         ᠯᠢᠦ ᠲᠢᠩ᠂ ᠡᠮᠡᠭᠲᠡᠢ᠂ ᠬᠢᠲᠠᠳ ᠦᠨᠳᠦᠰᠦᠲᠡᠨ᠂ 1981 ᠣᠨ ᠤ 2 ᠰᠠᠷ᠎ᠠ ᠳᠤ ᠲᠥᠷᠥᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠨᠠᠭᠠᠬᠤ ᠤᠬᠠᠭᠠᠨ ᠤ ᠳ᠋ᠣᠺᠲ᠋ᠣᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ︵ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠪᠠᠶᠢᠷᠢ︶ ᠳᠤ ᠤᠷᠢᠨ ᠬᠡᠷᠡᠭᠯᠡᠬᠦ ᠪᠠᠷ ᠪᠣᠢ᠃         ᠬᠤᠶᠠᠷ᠂ ᠵᠠᠷᠯᠠᠨ ᠨᠡᠶᠢᠲᠡᠯᠡᠬᠦ ᠴᠠᠭ         2024 ᠣᠨ ᠤ 8 ᠰᠠᠷ᠎ᠠ ᠶᠢᠨ 27 ᠤ ᠡᠳᠦᠷ ᠠᠴᠠ 2024 ᠣᠨ ᠤ 9 ᠰᠠᠷ᠎ᠠ ᠶᠢᠨ 2 ᠤᠨ ᠡᠳᠦᠷ         ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ         ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠂ ᠪᠠᠶᠢᠳᠠᠯ ᠢ ᠲᠤᠰᠬᠠᠭᠰᠠᠨ ᠨᠢᠭᠡᠴᠢ ᠨᠢ ᠮᠠᠲ᠋ᠧᠷᠢᠶᠠᠯ ᠳᠡᠭᠡᠷ᠎ᠡ ᠪᠠᠨ ᠨᠢᠭᠡᠴᠢ ᠶᠢᠨ ᠢᠶᠠᠨ ᠠᠯᠪᠠᠨ ᠲᠠᠮᠠᠭ᠎ᠠ ᠶᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠬᠤ ᠬᠡᠷᠡᠭᠲᠡᠶ᠃         ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 14᠄ 30 — 17᠄ 00         ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 6946229                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ                                                    ᠨᠡᠶᠢᠭᠡᠮ ᠤᠨ ᠪᠠᠲᠤᠯᠠᠭ᠎ᠠ ᠶᠢᠨ ᠲᠢᠩᠬᠢᠮ                                                   2024 ᠣᠨ ᠤ 8 ᠰᠠᠷ᠎ᠠ ᠶᠢᠨ 27 ᠤ ᠡᠳᠦᠷ
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ