ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠨ ︽ᠭᠤᠷᠪᠠᠳᠤᠭᠠᠷ ᠬᠤᠭᠤᠴᠠᠭᠠᠨ ᠤ ᠤᠯᠠᠨ | ᠨᠠᠶᠢᠳᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠲᠥᠷᠥᠯ ᠤᠨ ᠲᠤᠬᠠᠶᠢᠯᠠᠭᠰᠠᠨ ᠠᠵᠢᠯ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠬᠦ ᠲᠤᠬᠠᠢ | ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ 2024 ᠣᠨ ᠤ 6 — 8 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠬᠤᠭᠤᠴᠠᠭᠠᠨ ᠤ ᠤᠯᠠᠨ ᠨᠠᠶᠢᠳᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠲᠥᠷᠥᠯ ᠤᠨ ᠲᠤᠬᠠᠶᠢᠯᠠᠭᠰᠠᠨ ᠠᠵᠢᠯ ᠤᠨ | ᠤᠷᠤᠯᠳᠤᠭᠠᠨ ᠪᠠ ᠠᠵᠢᠯ ᠡᠷᠢᠬᠦ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠪᠠᠭᠰᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠬᠢᠷᠢ ᠪᠦᠲᠦᠮᠵᠢ ᠪᠣᠯᠣᠨ ᠪᠠᠭᠰᠢ ᠶᠢᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠲᠡᠭᠦᠰᠦᠭᠰᠡᠨ ᠬᠢᠷᠢ | ᠪᠦᠲᠦᠮᠵᠢ ᠶᠢ ᠦᠨᠳᠦᠰᠦᠯᠡᠵᠦ᠂ ᠠᠵᠢᠯ ᠮᠡᠷᠭᠡᠵᠢᠯ ᠤᠨ ᠵᠢᠭᠠᠨ ᠵᠢᠯᠣᠭᠤᠳᠤᠭᠴᠢ ᠶᠢᠨ ᠳᠦᠷᠦᠯ ᠵᠦᠢᠯ ᠳᠤ ᠦᠬᠠᠢ ᠬᠤᠲᠠ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠤᠨ ᠯᠢ ᠰᠢᠶᠣᠣ ᠰᠢᠶᠣᠣ᠂ ᠦᠨᠳᠦᠰᠦᠨ ᠱᠠᠲᠤᠨ ᠤ ᠤᠯᠠᠨ ᠨᠠᠶᠢᠳᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠲᠠᠨ ᠤ | ᠳᠦᠷᠦᠯ ᠵᠦᠢᠯ ᠳᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠧᠨ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢ ᠢ ᠮᠠᠨ᠂ | ᠠᠵᠢᠯ ᠡᠷᠢᠬᠦ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠯᠧᠺᠲ᠋ᠣᠷ ᠤᠨ ᠳᠦᠷᠦᠯ ᠵᠦᠢᠯ ᠳᠤ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠵᠤᠤ ᠰᠧ ᠴᠢ ᠵᠡᠷᠭᠡ 3 ᠬᠥᠮᠥᠨ ᠢ ᠰᠣᠩᠭᠤᠨ ᠭᠠᠷᠭᠠᠵᠤ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠪᠦᠬᠦ | ᠤᠯᠤᠰ ᠤᠨ ᠤᠷᠤᠯᠳᠤᠭᠠᠨ ᠳᠤ ᠣᠷᠣᠯᠴᠠᠬᠤ ᠪᠠᠷ ᠪᠤᠢ᠃ | ᠨᠠᠶᠢᠳᠠ ᠳᠤ ᠵᠠᠷᠯᠠᠬᠤ ᠴᠠᠭ ᠨᠢ 2024 ᠣᠨ ᠤ 9 ᠰᠠᠷ᠎ᠠ ᠶᠢᠨ 9 ᠤ ᠡᠳᠦᠷ ᠠᠴᠠ 9 ᠰᠠᠷ᠎ᠠ ᠶᠢᠨ 13 ᠤ ᠡᠳᠦᠷ ᠪᠣᠯᠲᠠᠯ᠎ᠠ᠃ | ᠨᠠᠶᠢᠳᠠ ᠳᠤ ᠵᠠᠷᠯᠠᠬᠤ ᠬᠤᠭᠤᠴᠠᠭᠠᠨ ᠳᠤ ᠬᠡᠷᠪᠡ ᠣᠨᠳᠣᠣ ᠰᠠᠨᠠᠯ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠲᠤ ᠲᠤᠰᠬᠠᠵᠤ ᠪᠣᠯᠣᠨ᠎ᠠ᠃ | ᠬᠠᠷᠢᠯᠴᠠᠬᠤ ᠤᠲᠠᠰᠤ᠄ 0471 — 6614076 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | 2024 ᠣᠨ ᠤ 9 ᠰᠠᠷ᠎ᠠ ᠶᠢᠨ 9 ᠤ ᠡᠳᠦᠷ | | | |