ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠢᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ ᠨᠠᠶᠢᠳᠠ ᠳᠤ ᠵᠠᠷᠯᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/7
        ︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠪᠠ ﹇2024﹈ 18 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠶᠢᠲᠡᠯᠡᠬᠦ᠂ ᠨᠡᠷ᠎ᠡ ᠮᠡᠳᠡᠭᠦᠯᠬᠦ ᠶᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠠᠴᠠ ᠦᠨᠡᠯᠡᠵᠦ ᠬᠢᠨᠠᠨ ᠲᠣᠭᠲᠠᠭᠠᠬᠤ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠨᠠᠶᠢᠳᠠ 2 ᠬᠥᠮᠥᠨ ᠤᠷᠢᠵᠤ ᠣᠷᠣᠭᠤᠯᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠪᠠ᠂ ᠣᠲᠣ ᠤᠷᠢᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ ᠵᠠᠷᠯᠠᠨ ᠨᠡᠶᠢᠲᠡᠯᠡᠶ᠎ᠡ᠃         ᠨᠢᠭᠡ᠂ ᠵᠠᠷᠯᠠᠨ ᠨᠡᠶᠢᠲᠡᠯᠡᠬᠦ ᠡᠲᠡᠭᠡᠳ         ᠯᠢᠦ ᠸᠧᠨ ᠪᠠᠢ᠂ ᠡᠷᠡᠭᠲᠡᠢ᠂ 1992 ᠣᠨ ᠤ 5 ᠰᠠᠷ᠎ᠠ ᠳᠤ ᠲᠥᠷᠥᠵᠡᠢ᠂ ᠳ᠋ᠣᠺᠲ᠋ᠣᠷᠠᠨᠲ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷᠠᠯᠢᠭ ᠤᠨ ᠵᠢᠷᠤᠭ ᠲᠥᠯᠥᠪᠯᠡᠭᠡᠨ ᠤ ᠰᠠᠯᠪᠤᠷᠢ ᠶᠢᠨ ᠲᠤᠰᠬᠠᠢ ᠲᠤᠰᠢᠶᠠᠯᠲᠤ ᠪᠠᠭᠰᠢ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠᠷ ᠪᠤᠢ᠃          ᠶᠢᠨ ᠶᠢᠨ ᠬᠤᠩ᠂ ᠡᠮᠡᠭᠲᠡᠢ᠂ 1996 ᠣᠨ ᠤ 7 ᠰᠠᠷ᠎ᠠ ᠳᠤ ᠲᠥᠷᠥᠵᠡᠢ᠂ ᠳ᠋ᠣᠺᠲ᠋ᠣᠷᠠᠨᠲ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠠᠯᠪᠤᠷᠢ ᠶᠢᠨ ᠲᠤᠰᠬᠠᠢ ᠲᠤᠰᠢᠶᠠᠯᠲᠤ ᠪᠠᠭᠰᠢ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠᠷ ᠪᠤᠢ᠃         ᠬᠤᠶᠠᠷ᠂ ᠵᠠᠷᠯᠠᠨ ᠨᠡᠶᠢᠲᠡᠯᠡᠬᠦ ᠴᠠᠭ         2024 ᠣᠨ ᠤ 9 ᠰᠠᠷ᠎ᠠ ᠶᠢᠨ 11 ᠤ ᠡᠳᠦᠷ ᠠᠴᠠ 2024 ᠣᠨ ᠤ 9 ᠰᠠᠷ᠎ᠠ ᠶᠢᠨ 18 ᠤ ᠡᠳᠦᠷ         ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ         ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠨᠠᠶᠢᠳᠠ ᠳᠤ ᠵᠠᠷᠯᠠᠭᠰᠠᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠂ ᠪᠠᠶᠢᠳᠠᠯ ᠢ ᠲᠤᠰᠬᠠᠭᠰᠠᠨ ᠨᠢᠭᠡᠴᠢ ᠨᠢ ᠮᠠᠲ᠋ᠧᠷᠢᠶᠠᠯ ᠳᠡᠭᠡᠷ᠎ᠡ ᠪᠠᠨ ᠨᠢᠭᠡᠴᠢ ᠶᠢᠨ ᠢᠶᠠᠨ ᠠᠯᠪᠠᠨ ᠲᠠᠮᠠᠭ᠎ᠠ ᠶᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠬᠤ ᠬᠡᠷᠡᠭᠲᠡᠶ᠃         ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 14᠄ 30 — 17᠄ 00         ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 6946229                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ                                             ᠨᠡᠶᠢᠭᠡᠮ ᠤᠨ ᠪᠠᠲᠤᠯᠠᠭ᠎ᠠ ᠶᠢᠨ ᠲᠢᠩᠬᠢᠮ                                          2024 ᠣᠨ ᠤ 9 ᠰᠠᠷ᠎ᠠ ᠶᠢᠨ 11 ᠤ ᠡᠳᠦᠷ
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ