ᠡᠨᠧᠷᠭᠢ ᠶᠢᠨ ᠲᠣᠪᠴᠢᠶ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠳᠠ ᠠᠩᠬᠠᠷᠴᠤ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ | ᠲᠣᠭᠲᠠᠭᠤᠨ ᠢᠶᠠᠷ ᠵᠠᠯᠭᠠᠵᠤ ᠦᠷᠭᠦᠯᠵᠢᠯᠡᠭᠦᠯᠬᠦ ᠪᠠᠨ ᠪᠠᠲᠤᠯᠠᠵᠤ ᠪᠤᠢ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ | ᠨᠢᠭᠡᠨᠲᠡ ᠬᠢᠨᠠᠵᠤ ᠵᠥᠪᠰᠢᠶᠡᠷᠡᠭᠰᠡᠨ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠳᠠᠷᠦ᠋ᠢᠬᠠᠨ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ ᠪᠠᠶᠢᠭᠤᠯᠵᠤ | ᠪᠠᠶᠢᠭ᠎ᠠ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢᠶᠠᠨ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠵᠠᠯᠭᠠᠵᠤ | ᠦᠷᠭᠦᠯᠵᠢᠯᠡᠭᠦᠯᠬᠦ ᠲᠥᠷᠥᠯ ᠵᠦᠢᠯ ᠤᠨ ᠤᠷᠤᠭᠰᠢᠲᠠᠢ ᠬᠢᠨᠠᠨ ᠵᠦᠪᠰᠢᠶᠡᠷᠡᠭᠳᠡᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠨᠡᠭᠦᠷᠡᠰᠦᠨ | ᠠᠭᠤᠷᠬᠠᠶ ᠶᠢ 19 ᠰᠢᠨ᠎ᠡ ᠪᠠᠷ ᠪᠠᠶᠢᠭᠤᠯᠵᠤ᠂ ᠶᠡᠷᠦᠩᠬᠡᠶ ᠦᠢᠯᠡᠳᠪᠦᠷᠢᠯᠡᠬᠦ ᠴᠢᠳᠠᠮᠵᠢ ᠨᠢ ᠪᠠᠷᠤᠭ 1.6 ᠳ᠋ᠦᠩᠰᠢᠭᠤᠷ ᠲᠣᠨ / ᠵᠢᠯ ᠪᠠᠶᠢᠨ᠎ᠠ᠂ ᠡᠭᠦᠨ ᠳᠤ 5 ᠶᠢ ᠨᠢ | ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ ᠴᠢᠳᠠᠮᠵᠢ ᠨᠢ 5100 ᠲᠦᠮᠡᠨ ᠲᠣᠨ / ᠵᠢᠯ ᠪᠠᠶᠢᠵᠦ᠂ ᠵᠢᠱᠢᠯᠲᠡ ᠪᠠᠷ 2025 ᠣᠨ ᠳᠤ ᠰᠢᠯᠵᠢᠭᠦᠯᠦᠨ | ᠲᠤᠰᠢᠶᠠᠵᠤ ᠦᠢᠯᠡᠳᠪᠦᠷᠢᠯᠡᠬᠦ ᠪᠤᠯᠤᠨ᠎ᠠ︔ 10 ᠶᠢ ᠨᠢ ᠨᠢᠭᠡᠨᠲᠡ ᠠᠵᠢᠯ ᠡᠬᠢᠯᠡᠭᠦᠯᠵᠦ᠂ ᠵᠢᠱᠢᠯᠲᠡ ᠪᠠᠷ 2025 ᠣᠨ ᠳᠤ 1 ᠶᠢ ᠨᠢ ᠪᠠᠶᠢᠭᠤᠯᠤᠨ ᠳᠠᠭᠤᠰᠬᠠᠵᠤ᠂ | ᠦᠢᠯᠡᠳᠪᠦᠷᠢᠯᠡᠬᠦ ᠴᠢᠳᠠᠮᠵᠢ ᠨᠢ 150 ᠲᠦᠮᠡᠨ ᠲᠣᠨ / ᠵᠢᠯ ᠪᠤᠯᠤᠨ᠎ᠠ᠂ 2026 ᠣᠨ ᠳᠤ 5 ᠶᠢ ᠨᠢ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ | ᠴᠢᠳᠠᠮᠵᠢ ᠨᠢ 3600 ᠲᠦᠮᠡᠨ ᠲᠣᠨ / ᠵᠢᠯ ᠪᠤᠯᠤᠨ᠎ᠠ︔ 4 ᠶᠢ ᠨᠢ ᠶᠠᠭ ᠠᠵᠢᠯ ᠡᠬᠢᠯᠡᠭᠦᠯᠬᠦ ᠤᠷᠢᠳᠠᠴᠢ ᠭᠠᠷᠳᠠᠮ ᠢᠶᠠᠨ ᠭᠦᠢᠴᠡᠳᠬᠡᠵᠦ ᠪᠤᠢ᠂ ᠦᠢᠯᠡᠳᠪᠦᠷᠢᠯᠡᠬᠦ | ᠴᠢᠳᠠᠮᠵᠢ ᠨᠢ 2900 ᠲᠦᠮᠡᠨ ᠲᠣᠨ / ᠵᠢᠯ ᠪᠤᠯᠤᠨ᠎ᠠ᠃ ︵ᠡᠨᠧᠷᠭᠢ ᠶᠢᠨ ᠲᠣᠪᠴᠢᠶ᠎ᠠ︶ | |