ᠨᠠᠮᠤᠷ ᠤᠨ ᠬᠤᠷᠢᠶᠠᠯᠲᠠ ᠶᠢᠨ ᠲᠤᠰᠤᠨ ᠪᠤᠳᠤᠭ ᠤᠨ ᠵᠢᠷᠤᠭ
ᠨᠡᠶᠢᠲᠡᠯᠡᠭᠰᠡᠨ ᠴᠠᠭ᠄
2024/11/8
        ᠬᠠᠪᠤᠷ ᠲᠠᠷᠢᠵᠦ ᠨᠠᠮᠤᠷ ᠬᠤᠷᠢᠶᠠᠬᠤ ᠨᠢᠭᠡᠨ ᠵᠢᠯ ᠤᠨ ᠵᠢᠳᠬᠦᠯ᠃ ᠬᠤᠷᠢᠶᠠᠯᠲᠠ ᠡᠯᠪᠡᠭ ᠪᠠᠰᠠ ᠨᠢᠭᠡᠨ ᠵᠢᠯ ᠤᠨ ᠨᠠᠮᠤᠷ ᠲᠠᠷᠢᠶᠠᠴᠢᠳ ᠤᠨ ᠮᠠᠩᠨᠠᠢ ᠶᠢ ᠲᠡᠨᠢᠢᠯᠭᠡᠪᠡ᠃ ᠡᠨᠡ ᠨᠠᠮᠤᠷ ᠪᠣᠷᠣᠭᠠᠨ ᠲᠠᠢ ᠡᠳᠦᠷ ᠤᠯᠠᠨ ᠭᠠᠷᠴᠤ᠂ ᠲᠠᠷᠢᠶ᠎ᠠ ᠪᠠᠨ ᠬᠤᠷᠢᠶᠠᠬᠤ ᠳᠤ ᠵᠢᠭᠠᠬᠠᠨ ᠨᠥᠯᠥᠭᠡ ᠤᠴᠠᠷᠠᠭᠤᠯᠤᠭᠰᠠᠨ ᠪᠤᠯᠪᠠᠴᠤ᠂ ᠲᠠᠷᠢᠶᠠᠴᠢᠳ ᠨᠠᠷᠠ ᠲᠠᠢ ᠭᠡᠷᠡᠯ ᠲᠠᠢ ᠰᠠᠶᠢᠬᠠᠨ ᠡᠳᠦᠷ ᠢ ᠠᠮᠵᠢᠨ ᠲᠠᠷᠢᠶ᠎ᠠ ᠪᠠᠨ ᠬᠤᠷᠢᠶᠠᠭᠠᠳ ᠶᠠᠭᠠᠷᠠᠤ᠃ 
5501.png   
        ᠦᠷᠭᠦᠯᠵᠢᠯᠡᠭᠰᠡᠨ ᠬᠡᠳᠦᠨ ᠡᠳᠦᠷ ᠤᠨ ᠪᠣᠷᠣᠭᠠᠨ ᠲᠠᠷᠢᠶ᠎ᠠ ᠬᠤᠷᠢᠶᠠᠬᠤ ᠴᠠᠭ ᠢ ᠬᠤᠶᠢᠰᠢᠯᠠᠭᠤᠯᠤᠭᠰᠠᠨ ᠪᠤᠯᠪᠠᠴᠤ ᠬᠤᠷᠢᠶᠠᠯᠲᠠ ᠶᠢ ᠨᠥᠯᠥᠭᠡᠯᠡᠭᠰᠡᠨ ᠦᠭᠡᠢ᠂ ᠮᠠᠨ ᠤ ᠡᠨᠡ ᠵᠢᠯ ᠤᠨ ᠳᠠᠷᠢᠭᠰᠠᠨ ᠲᠥᠮᠥᠰᠥ ᠪᠠ ᠲᠡᠵᠢᠭᠡᠯ ᠤᠨ ᠨᠣᠬᠠᠢ ᠶᠢᠨ ᠬᠤᠰᠢᠭᠤ ᠪᠦᠷ ᠡᠯᠪᠡᠭ ᠬᠤᠷᠢᠶᠠᠭᠰᠠᠨ᠃ ᠡᠨᠡ ᠵᠢᠯ ᠡᠪᠡᠰᠦ ᠬᠤᠳᠠᠯᠳᠤᠵᠤ ᠠᠪᠬᠤ ᠦᠭᠡᠢ ᠪᠠᠷ ᠥᠪᠡᠷ ᠤᠨ ᠳᠠᠷᠢᠭᠰᠠᠨ ᠲᠡᠵᠢᠭᠡᠯ ᠤᠨ ᠨᠣᠬᠠᠢ ᠶᠢᠨ ᠬᠤᠰᠢᠭᠤ 200 ᠭᠠᠷᠤᠢ ᠬᠤᠨᠢ ᠳᠠᠭᠠᠨ ᠭᠦᠢᠴᠡᠳ ᠬᠠᠩᠭᠠᠯᠲᠠᠲᠠᠢ ᠭᠡᠵᠦ ᠤᠯᠠᠭᠠᠨᠴᠠᠪ ᠬᠤᠳᠠ ᠶᠢᠨ ᠵᠦᠸᠧᠽᠢ ᠰᠢᠶᠠᠨ ᠤ ᠰᠠᠨ ᠾᠧ ᠳ᠋ᠢᠶᠠᠨ ᠲᠤᠰᠬᠤᠨ ᠤ ᠸᠠᠩ ᠣᠪᠣᠭᠲᠤ ᠡᠷ᠎ᠡ ᠡᠮ᠎ᠡ ᠬᠤᠶᠠᠭᠤᠯᠠ ᠪᠠᠨ ᠲᠡᠵᠢᠭᠡᠯ ᠤᠨ ᠨᠣᠬᠠᠢ ᠶᠢᠨ ᠬᠤᠰᠢᠭᠤ ᠪᠠᠨ ᠪᠣᠭᠤᠵᠢᠯᠠᠬᠤ ᠶᠢᠨ ᠳᠠᠭᠠᠤ ᠶᠠᠷᠢᠵᠤ ᠪᠠᠶᠢᠯ᠎ᠠ᠃ 
5502.png   
        ᠮᠠᠰᠢᠨᠴᠢᠯᠠᠯᠲᠠ         ᠮᠠᠰᠢᠨ ᠤ ᠳᠠᠭᠤᠨ ᠬᠦᠩᠭᠢᠨᠡᠯᠳᠦᠨ ᠬᠦᠷᠴᠢᠭᠢᠨᠡᠯᠳᠦᠵᠦ᠂ ᠶᠠᠭᠠᠷᠠᠭᠰᠠᠨ ᠰᠡᠳᠬᠢᠯ ᠤᠨ ᠠᠶᠢᠵᠠᠮ ᠪᠣᠯᠵᠤ᠂ ᠬᠥᠳᠡᠭᠡ ᠲᠠᠯ᠎ᠠ ᠳᠤ ᠵᠣᠭᠰᠣᠯᠲᠠ ᠦᠭᠡᠢ ᠵᠤᠷᠴᠢᠯᠳᠤᠨ᠎ᠠ᠃ ᠮᠠᠰᠢᠨ ᠪᠤᠳᠠᠭ᠎ᠠ ᠶᠢ ᠨᠢ ᠬᠤᠷᠢᠶᠠᠵᠤ᠂ ᠬᠤᠶᠢᠨ᠎ᠠ ᠠᠴᠠ ᠨᠢ ᠬᠥᠮᠥᠰ ᠦᠯᠡᠳᠡᠭᠰᠡᠨ ᠬᠤᠴᠣᠷᠤᠭᠰᠠᠨ ᠢ ᠨᠢ ᠲᠡᠭᠦᠭᠡᠳ᠂ ᠮᠥᠬᠦᠯᠢᠭ ᠠᠮᠤ ᠶᠢ ᠴᠦ ᠭᠡᠭᠡᠭᠳᠡᠭᠦᠯᠬᠦ ᠦᠭᠡᠢ ᠪᠠᠷ ᠴᠢᠷᠮᠠᠶᠢᠨ᠎ᠠ᠃ ᠨᠠᠮᠤᠷ ᠨᠠᠮᠤᠷ ᠤᠨ ᠬᠤᠷᠢᠶᠠᠯᠲᠠ ᠳᠤ ᠡᠨᠡ ᠨᠠᠮᠤᠷ ᠬᠠᠮᠤᠭ ᠶᠡᠭᠡ ᠶᠢ ᠬᠤᠷᠢᠶᠠᠵᠤ᠂ ᠡᠨᠡ ᠨᠠᠮᠤᠷ ᠬᠠᠮᠤᠭ ᠰᠠᠶᠢᠬᠠᠨ ᠬᠤᠷᠢᠶᠠᠬᠤ ᠬᠦᠰᠡᠯ ᠡᠪᠦᠷᠯᠡᠨ᠂ ᠬᠥᠷᠰᠢ ᠰᠠᠭᠠᠬᠠᠯᠲᠠ ᠳᠠᠭᠠᠨ ᠬᠡᠯᠡᠴᠢᠬᠡᠮᠡᠷ ᠦᠯᠡᠮᠵᠢ ᠪᠦᠲᠦᠮᠵᠢ ᠭᠠᠷᠭᠠᠬᠤ ᠪᠠᠷ᠂ ᠬᠥᠮᠥᠨ ᠠᠴᠠ ᠡᠮᠦᠨ᠎ᠡ ᠠᠵᠢᠯ ᠢᠶᠠᠨ ᠭᠢᠯᠠᠯᠵᠠᠲᠠᠯ᠎ᠠ ᠳᠠᠭᠤᠰᠬᠠᠬᠤ ᠪᠠᠷ᠂ ᠠᠮᠠᠷᠠᠬᠤ ᠴᠠᠭ ᠢᠶᠠᠨ ᠪᠠᠭᠠᠰᠬᠠᠵᠤ᠂ ᠤᠤᠭᠤᠵᠤ ᠢᠳᠡᠬᠦ ᠪᠠᠨ ᠤᠮᠠᠷᠲᠠᠨ ᠲᠤᠰᠤᠨ ᠨᠠᠮᠤᠷ ᠤᠨ ᠲᠣᠷᠭᠠᠨ ᠲᠠᠷᠢᠶᠠᠨ ᠳᠠᠭᠠᠨ ᠶᠠᠭᠠᠷᠠᠯᠳᠤᠨ᠎ᠠ᠃ ᠬᠤᠷᠢᠶᠠᠯᠲᠠ ᠶᠢᠨ ᠤᠯᠠᠷᠢᠯ ᠵᠦᠳᠡᠷᠡᠯᠲᠡᠢ ᠴᠦ ᠭᠡᠰᠡᠨ ᠵᠢᠷᠭᠠᠯᠲᠠᠢ ᠨᠢ ᠠᠷᠭ᠎ᠠ ᠦᠭᠡᠢ᠃         ᠦᠲᠦᠷᠮ᠎ᠡ         ᠠᠯᠳᠠᠨ ᠨᠠᠮᠤᠷ ᠤᠨ ᠡᠯᠪᠡᠭ ᠬᠤᠷᠢᠶᠠᠯᠲᠠ ᠶᠢᠨ ᠪᠠᠶᠠᠰᠤᠯ ᠥᠪᠥᠷ ᠮᠣᠩᠭᠤᠯ ᠤᠨ ᠥᠨᠴᠥᠭ ᠪᠤᠯᠤᠩ ᠦᠭᠡᠢ ᠤᠶᠠᠩᠭᠠᠷᠠᠨ᠎ᠠ᠃ ᠣᠳᠣᠬᠠᠨ ᠳᠤ᠂ ᠪᠦᠭᠦ ᠣᠷᠣᠨ ᠤ ᠪᠤᠭᠤᠳᠠᠢ ᠶᠢᠨ ᠲᠠᠷᠢᠶ᠎ᠠ ᠶᠢ ᠦᠨᠳᠦᠰᠦᠨ ᠳᠡᠭᠡᠨ ᠬᠤᠷᠢᠶᠠᠨ ᠠᠪᠴᠤ᠂ ᠡᠷᠳᠡᠨᠢ ᠰᠢᠰᠢ᠂ ᠲᠥᠮᠥᠰᠥ ᠶᠢᠨ ᠲᠠᠷᠢᠶ᠎ᠠ ᠨᠢ ᠶᠠᠭ ᠬᠤᠷᠢᠶᠠᠯᠲᠠ ᠶᠢᠨ ᠤᠯᠠᠷᠢᠯ ᠳᠠᠭᠠᠨ ᠣᠷᠣᠵᠤ᠂ ᠰᠢᠷ᠎ᠠ ᠪᠤᠷᠴᠠᠭ ᠴᠦ ᠬᠡᠰᠡᠭ ᠪᠤᠰᠠᠭ ᠢᠶᠠᠷ ᠬᠤᠷᠢᠶᠠᠯᠲᠠ ᠪᠠᠨ ᠤᠭᠲᠤᠨ ᠠᠪᠴᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠪᠦᠷᠢᠳᠬᠡᠯ ᠢᠶᠠᠷ᠂ ᠮᠠᠨ ᠤ ᠣᠷᠣᠨ ᠤ ᠶᠡᠬᠡᠩᠬᠢ ᠡᠷᠳᠡᠨᠢ ᠰᠢᠰᠢ ᠶᠢᠨ ᠲᠠᠷᠢᠶ᠎ᠠ ᠨᠢ ᠬᠤᠷᠢᠶᠠᠯᠲᠠ ᠶᠢᠨ ᠤᠯᠠᠷᠢᠯ ᠳᠠᠭᠠᠨ ᠣᠷᠣᠵᠤ᠂ ᠨᠢᠭᠡᠨᠲᠡ ᠬᠤᠷᠢᠶᠠᠭᠰᠠᠨ ᠳᠠᠯᠠᠪᠠᠢ ᠨᠢ 10% ᠬᠦᠷᠴᠦ᠂ ᠡᠭᠦᠨ ᠳᠤ ᠪᠠᠶᠠᠨᠨᠠᠭᠤᠷ ᠬᠤᠳᠠ ᠨᠢ 130 ᠲᠦᠮᠡᠨ ᠮᠦ ᠶᠢ ᠬᠤᠷᠢᠶᠠᠵᠠᠢ ; ᠲᠥᠮᠥᠰᠥ ᠶᠢᠨ ᠬᠤᠷᠢᠶᠠᠯᠲᠠ ᠶᠢᠨ ᠳᠠᠯᠠᠪᠠᠢ ᠨᠢ ᠨᠢᠭᠡᠨᠲᠡ 50% ᠳᠤ ᠬᠦᠷᠴᠦ᠂ ᠡᠭᠦᠨ ᠳᠤ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠪᠣᠯᠣᠨ ᠬᠥᠯᠥᠨ ᠪᠤᠶᠢᠷ ᠬᠤᠳᠠ  ᠨᠢ ᠲᠤᠰ ᠪᠦᠷᠢ 75 ᠲᠦᠮᠡᠨ ᠮᠦ᠂ 51 ᠲᠦᠮᠡᠨ ᠮᠦ ᠪᠣᠯᠣᠨ 44 ᠲᠦᠮᠡᠨ ᠮᠦ ᠬᠤᠷᠢᠶᠠᠵᠠᠢ᠃ ᠰᠢᠷ᠎ᠠ ᠪᠤᠷᠴᠠᠭ ᠤᠨ ᠬᠤᠷᠢᠶᠠᠭᠰᠠᠨ ᠳᠠᠯᠠᠪᠠᠢ ᠨᠢ 10% ᠬᠦᠷᠬᠦ ᠦᠭᠡᠢ ᠪᠠᠶᠢᠵᠤ᠂ ᠤᠷᠢᠳᠴᠢᠯᠠᠨ ᠲᠥᠰᠥᠭᠡᠯᠡᠵᠦ ᠪᠠᠶᠢᠬᠤ ᠪᠠᠷ ᠮᠠᠨ ᠤ ᠣᠷᠣᠨ 9 ᠰᠠᠷ᠎ᠠ ᠶᠢᠨ ᠰᠡᠭᠦᠯᠴᠢ ᠠᠴᠠ 10 ᠰᠠᠷ᠎ᠠ ᠶᠢᠨ ᠡᠬᠢᠨ ᠳᠤ ᠲᠦᠷᠭᠡᠨ ᠬᠤᠷᠢᠶᠠᠯᠲᠠ ᠶᠢᠨ ᠬᠤᠭᠤᠴᠠᠭᠠᠨ ᠳᠤ ᠣᠷᠣᠨ᠎ᠠ᠃         ᠭᠦᠳᠡᠯᠮᠦᠷᠢ ᠶᠢᠨ ᠪᠠᠶᠠᠰᠤᠯ         ᠣᠶᠢᠷ᠎ᠠ ᠳᠤ᠂ ᠡᠵᠡᠨ᠎ᠡ ᠬᠤᠰᠢᠭᠤᠨ ᠤ ᠪᠠᠶᠠᠨᠲᠤᠤᠷᠠᠢ ᠰᠤᠮᠤᠨ ᠤ ᠨᠢᠭᠡ ᠯᠡ ᠬᠡᠪ ᠤᠨ ᠰᠢᠯᠢᠳᠡᠭ ᠴᠢᠨᠠᠷ ᠤᠨ ᠰᠢᠷ᠎ᠠ ᠬᠠᠮᠢ ᠬᠡᠮᠬᠡ ᠤᠭᠤᠲᠠᠯᠠᠭᠳᠠᠨ ᠪᠣᠭᠤᠳᠠᠯᠯᠠᠭᠳᠠᠵᠤ᠂ ᠲᠡᠷᠭᠡᠨ ᠳᠤ ᠲᠡᠭᠡᠭᠡᠭᠳᠡᠵᠦ᠂ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠭᠠᠵᠠᠷ ᠵᠦᠭ ᠬᠦᠷᠭᠡᠭᠳᠡᠨ᠎ᠡ᠃ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠦᠵᠦᠮ ᠤᠨ ᠮᠣᠳᠣᠨ ᠤ ᠵᠡᠯ᠎ᠡ ᠳᠡᠭᠡᠷ᠎ᠡ ᠮᠡᠯᠲᠡᠭᠡᠨᠡᠭᠰᠡᠨ ᠲᠣᠮᠣ ᠬᠡᠯᠬᠢᠶ᠎ᠡ ᠬᠡᠯᠬᠢᠶ᠎ᠡ ᠦᠵᠦᠮ ᠳᠡᠭᠦᠵᠢᠯᠡᠭᠳᠡᠵᠦ ᠦᠵᠡᠭᠰᠡᠨ ᠬᠥᠮᠥᠰ ᠤᠨ ᠰᠢᠯᠦᠰᠦ ᠶᠢ ᠭᠤᠭᠤᠵᠢᠭᠤᠯᠤᠮ᠎ᠠ᠃ ᠬᠠᠶᠢᠨᠠᠨ ᠲᠣᠭᠤᠷᠢᠭ ᠤᠨ ᠦᠵᠦᠮ ᠤᠨ ᠲᠠᠷᠢᠮᠠᠯ ᠤᠨ ᠬᠦᠷᠢᠶᠡᠯᠡᠩ ᠤᠨ ᠳᠠᠯᠠᠪᠠᠢ ᠨᠢᠭᠡᠨᠲᠡ ᠲᠦᠮᠡᠨ ᠮᠦ ᠬᠦᠷᠴᠦ᠂ ᠡᠭᠦᠯᠳᠡᠷ ᠨᠢ 100 ᠭᠠᠷᠤᠢ ᠵᠦᠢᠯ ᠪᠠᠶᠢᠨ᠎ᠠ᠃ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ ᠤᠨ ᠳ᠋ᠦᠩ ᠨᠠᠨ ᠶᠢᠩᠽᠢ ᠲᠤᠰᠬᠤᠨ ᠤ ᠰᠣᠩᠭᠢᠨ᠎ᠠ ᠶᠢᠨ ᠲᠠᠷᠢᠶ᠎ᠠ ᠡᠯᠪᠡᠭ ᠬᠤᠷᠢᠶᠠᠯᠲᠠ ᠣᠯᠵᠤ᠂ ᠰᠤᠭᠳᠠᠶᠢᠭᠰᠠᠨ ᠰᠣᠩᠭᠢᠨ᠎ᠠ ᠤᠯᠠᠭᠠᠨ ᠳᠡᠭᠡᠰᠦ ᠪᠠᠷ ᠪᠣᠭᠤᠵᠢᠯᠠᠭᠳᠠᠨ ᠬᠠᠮᠤᠭ ᠬᠤᠷᠳᠤᠨ ᠢᠶᠠᠷ ᠪᠦᠭᠦ ᠤᠯᠤᠰ ᠤᠨ ᠡᠯ᠎ᠡ ᠭᠠᠵᠠᠷ ᠲᠤ ᠬᠦᠷᠭᠡᠭᠳᠡᠵᠦ᠂ ᠲᠦᠮᠡᠨ ᠠᠶᠢᠯ ᠮᠢᠩᠭᠠᠨ ᠡᠷᠦᠭᠡ ᠶᠢᠨ ᠬᠤᠭᠤᠯᠠᠨ ᠰᠢᠷᠡᠭᠡᠨ ᠳᠤ ᠭᠠᠷᠤᠨ᠎ᠠ ᠁ 
5503.png   
        ᠡᠯᠪᠡᠭ ᠬᠤᠷᠢᠶᠠᠯᠲᠠ ᠶᠢᠨ ᠲᠤᠰᠤᠨ ᠪᠤᠳᠤᠭ ᠤᠨ ᠵᠢᠷᠤᠭ         ᠤᠯᠠᠭᠠᠨᠴᠠᠪ ᠤᠨ ᠲᠥᠮᠥᠰᠥ᠂ ᠤᠯᠠᠭᠠᠨᠬᠠᠳᠠ ᠶᠢᠨ ᠨᠠᠷᠢᠮᠤ᠂ ᠪᠠᠶᠠᠨᠨᠠᠭᠤᠷ ᠤᠨ ᠪᠤᠭᠤᠳᠠᠢ᠂ ᠲᠦᠩᠯᠢᠶᠣᠣ ᠶᠢᠨ ᠡᠷᠳᠡᠨᠢ ᠰᠢᠰᠢ᠂ ᠬᠥᠯᠥᠨ ᠪᠤᠶᠢᠷ ᠤᠨ ᠰᠢᠷ᠎ᠠ ᠪᠤᠷᠴᠠᠭ᠂ ᠬᠢᠩᠭᠠᠨ ᠤ ᠤᠰᠤᠨ ᠲᠤᠲᠤᠷᠭ᠎ᠠ᠂ ᠬᠦᠷᠢᠶ᠎ᠡ ᠬᠤᠰᠢᠭᠤᠨ ᠤ ᠰᠠᠭᠠᠭ ᠵᠡᠷᠭᠡ ᠨᠤᠲᠤᠭ ᠨᠤᠲᠤᠭ ᠤᠨ ᠲᠠᠷᠢᠶᠠᠴᠢᠳ ᠤᠨ ᠣᠮᠣᠭᠰᠢᠯ ᠪᠣᠯᠤᠭᠰᠠᠨ ᠲᠠᠪᠤᠨ ᠲᠠᠷᠢᠶ᠎ᠠ ᠤᠷᠢᠳ ᠬᠤᠵᠢᠳ ᠪᠣᠯᠪᠠᠰᠤᠷᠠᠵᠤ᠂ ᠬᠠᠪᠤᠷ ᠤᠨ ᠳᠠᠷᠢᠭᠰᠠᠨ ᠮᠥᠬᠦᠯᠢᠭ ᠦᠷ᠎ᠡ᠂ ᠬᠡᠳᠦᠨ ᠤᠯᠠᠷᠢᠯ ᠤᠨ ᠬᠤᠷ᠎ᠠ ᠪᠣᠷᠣᠭᠠᠨ᠂ ᠨᠠᠷᠠ ᠰᠠᠯᠬᠢᠨ ᠢᠶᠠᠷ ᠲᠥᠯᠵᠢᠵᠦ᠂ ᠬᠠᠮᠠᠭᠠᠯᠠᠵᠤ ᠠᠷᠠᠴᠢᠯᠠᠭᠰᠠᠨ ᠤ ᠬᠠᠷᠢᠭᠤ ᠪᠠᠶᠠᠨ ᠲᠦᠷᠦᠭᠦᠦ ᠪᠠᠷ ᠳᠣᠬᠢᠯᠵᠠᠵᠤ᠂ ᠬᠠᠵᠠᠭᠤ ᠳᠤᠨᠢ ᠶᠠᠭᠠᠷᠠᠬᠤ ᠬᠥᠳᠡᠯᠮᠦᠷᠢᠴᠢᠨ ᠤ ᠮᠠᠩᠨᠠᠢ ᠶᠢ ᠲᠡᠨᠢᠢᠯᠭᠡᠨ᠂ ᠨᠢᠷᠤᠭᠤ ᠶᠢ  ᠨᠢ ᠭᠡᠳᠡᠶᠢᠯᠭᠡᠨ᠎ᠡ᠃ ᠪᠠᠶᠠᠨ ᠲᠠᠷᠢᠶ᠎ᠠ ᠪᠠᠷ ᠢᠶᠠᠨ ᠪᠠᠭ᠋ᠠᠷᠬᠠᠬᠤ ᠨᠠᠮᠤᠷ ᠵᠢᠷᠭᠠᠯᠲᠠᠢ ᠴᠦ ᠭᠡᠰᠡᠨ ᠶᠠᠭᠠᠷᠠᠯᠲᠠᠢ ᠨᠢ ᠠᠷᠭ᠎ᠠ ᠦᠭᠡᠢ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ