9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽︿ᠠᠶᠠᠯᠭᠤᠲᠤ ᠵᠢᠭᠤᠯᠴᠢᠯᠠᠯ ᠥᠪᠥᠷ | ᠮᠣᠩᠭᠤᠯ﹀ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ︾ ᠪᠣᠯᠣᠨ ︽ᠠᠶᠠᠯᠭᠤᠲᠤ | ᠵᠢᠭᠤᠯᠴᠢᠯᠠᠯ ᠥᠪᠥᠷ ᠮᠣᠩᠭᠤᠯ︾ ᠤᠨ ᠢᠯᠡᠷᠬᠡᠶᠢᠯᠡᠯ ᠲᠡᠮᠳᠡᠭ ︵LOGO︶ ᠢ ᠨᠡᠶᠢᠲᠡᠯᠡᠵᠦ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ | ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠡᠬᠢᠯᠡᠭᠦᠯᠪᠡ᠃ | ᠥᠪᠥᠷ ᠮᠣᠩᠭᠤᠯ ︽ᠳᠠᠭᠤᠤ ᠶᠢᠨ ᠳᠠᠯᠠᠢ᠂ ᠪᠥᠵᠢᠭ ᠤᠨ ᠥᠯᠥᠭᠡᠢ︾ ᠬᠡᠮᠡᠬᠦ ᠰᠠᠶᠢᠬᠠᠨ ᠠᠯᠳᠠᠷ ᠲᠠᠢ ᠶᠤᠮ᠃ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠨᠢ ᠥᠪᠥᠷ ᠮᠣᠩᠭᠤᠯ ᠤᠨ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠪᠠ | ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ᠂ | ᠰᠢᠨ᠎ᠡ ᠶᠢ ᠡᠭᠦᠳᠦᠨ ᠠᠭᠤᠰᠤᠯᠴᠠᠭᠤᠯᠬᠤ ᠠᠷᠭ᠎ᠠ ᠭᠡᠯᠪᠡᠷᠢ ᠪᠠᠷ ᠲᠠᠮᠵᠢᠨ ᠡᠯ᠎ᠡ ᠰᠣᠶᠣᠯ ᠵᠢᠭᠤᠯᠴᠢᠯᠠᠯ ᠤᠨ ᠠᠬᠤᠢ ᠲᠠᠯᠠᠪᠠᠶ ᠳᠤ ᠣᠯᠠᠨ ᠡᠰᠢᠲᠦ ᠵᠢᠭᠤᠯᠴᠢᠯᠠᠯ ᠤᠨ | ᠬᠡᠷᠡᠭᠯᠡᠭᠡ ᠶᠢᠨ ᠠᠭᠤᠷ ᠠᠮᠢᠰᠬᠤᠯ ᠢ ᠪᠤᠶ ᠪᠣᠯᠭᠠᠨ᠂ ᠵᠢᠭᠤᠯᠴᠢᠯᠠᠬᠰᠠᠳ ᠤᠨ ︽ᠬᠤᠭᠤᠯᠠ ᠬᠤᠨᠤᠭ ᠵᠤᠭᠠᠴᠠᠯ ᠬᠤᠳᠠᠯᠳᠤᠭ᠎ᠠ ᠵᠤᠭ᠎ᠠ ᠴᠡᠩᠭᠡᠯ︾ ᠤᠨ ᠡᠯ᠎ᠡ | ᠭᠤᠭᠴᠤᠭ᠎ᠠ ᠳᠤ ᠠᠭᠤᠰᠤᠯᠴᠠᠭᠤᠯᠵᠤ᠂ ᠵᠢᠭᠤᠯᠴᠢᠯᠠᠬᠰᠠᠳ ᠢ ︽ᠠᠶ᠎ᠠ ᠳᠠᠭᠤᠤ ᠲᠠᠢ ᠪᠠᠶᠠᠷ ᠭᠦᠷ ᠲᠠᠢ ᠵᠢᠭᠤᠯᠴᠢᠯᠠᠭᠤᠯᠵᠤ︾᠂ ᠵᠢᠭᠤᠯᠴᠢᠯᠠᠬᠰᠠᠳ ᠲᠤ ︽ | ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠤᠨ ᠬᠠᠪᠤ ᠴᠡᠩᠭᠡᠯ ᠢ ᠭᠦᠢᠴᠡᠳ ᠡᠳ᠋ᠯᠡᠭᠦᠯᠭᠦ ᠪᠣᠯᠣᠨ᠎ᠠ᠃ | ᠮᠠᠨ ᠤ ᠣᠷᠣᠨ ᠭᠦᠭᠡᠬᠤᠲᠠ᠂ ᠬᠥᠯᠥᠨ ᠪᠤᠶᠢᠷ᠂ ᠰᠢᠯᠢ ᠶᠢᠨ ᠭᠤᠣᠯ᠂ ᠣᠷᠳᠣᠰ ᠵᠡᠷᠭᠡ 4 ᠠᠶᠢᠮᠠᠭ ᠬᠤᠳᠠ ᠶᠢ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠤᠯᠭᠠᠬᠰᠠᠨ ᠰᠠᠭᠤᠷᠢᠨ ᠳᠡᠭᠡᠷ᠎ᠡ | ᠪᠦᠭᠦ ᠣᠷᠣᠨ ᠤ ᠬᠡᠪᠴᠢᠶᠡᠨ ᠳᠤ ᠳᠠᠭᠢᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠤᠨ 35 ᠭᠤᠣᠯᠳᠠᠯᠭ᠎ᠠ ᠲᠠᠢ ᠬᠤᠰᠢᠭᠤ ᠰᠢᠶᠠᠨ ᠲᠣᠭᠤᠷᠢᠭ᠂ 60 | ᠭᠤᠣᠯᠳᠠᠯᠭ᠎ᠠ ᠲᠠᠢ ᠲᠣᠰᠬᠤᠨ ᠪᠠᠯᠭᠠᠰᠤ᠂ 15 ᠵᠢᠭᠤᠯᠴᠢᠯᠠᠨ ᠠᠮᠠᠷᠠᠬᠤ ᠪᠦᠲᠦᠭᠡᠭᠳᠡᠬᠦᠨ᠂ 50 ᠪᠡᠶᠡᠴᠢᠯᠡᠨ ᠣᠶᠢᠯᠠᠭᠠᠬᠤ ᠲᠠᠯᠠᠪᠠᠶ᠂ 100 ᠣᠨᠴᠠᠯᠢᠭᠲᠤ | ᠪᠠᠭᠤᠳᠠᠯ ︵ᠠᠷᠠᠳ ᠤᠨ ᠰᠠᠭᠤᠴᠠ︶᠂ 100 ᠵᠤᠷᠪᠤᠰ ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠵᠢᠴᠢ ᠵᠢᠭᠤᠯᠴᠢᠯᠠᠯ ᠤᠨ ᠵᠠᠰᠠᠮᠠᠯ ᠵᠠᠮ ᠢ ᠪᠤᠶ | ᠪᠣᠯᠭᠠᠨ᠎ᠠ᠃ ᠪᠠᠰᠠ ︽︿ᠠᠶᠠᠯᠭᠤᠲᠤ ᠵᠢᠭᠤᠯᠴᠢᠯᠠᠯ ᠥᠪᠥᠷ ᠮᠣᠩᠭᠤᠯ﹀ ᠤᠨ ᠵᠠᠭᠤ ᠮᠢᠩᠭ᠎ᠠ ᠲᠦᠮᠡ ᠶᠢᠨ ᠢᠨᠵᠧᠨᠧᠷᠢᠩ︾ ᠢ ᠬᠡᠷᠡᠭᠵᠢᠭᠦᠯᠦᠨ᠂ ᠥᠪᠥᠷ | ᠮᠣᠩᠭᠤᠯ ᠤᠨ 100 ᠰᠣᠩᠭᠤᠳᠠᠭ ᠳᠠᠭᠤᠤ ᠶᠢ ᠰᠢᠭᠰᠢᠨ ᠰᠣᠩᠭᠤᠵᠤ᠂ 100 ᠰᠣᠶᠣᠯ ᠵᠢᠭᠤᠯᠴᠢᠯᠠᠯ ᠤᠨ ᠲᠣᠬᠯᠠᠯᠲᠠ ᠶᠢᠨ ᠠᠵᠤ ᠠᠬᠤᠶᠢᠯᠠᠯ ᠢ ᠪᠤᠶ ᠪᠣᠯᠭᠠᠨ᠂ | 1000 ᠬᠥᠲᠥᠴᠢ ᠪᠠ ᠰᠦᠯᠵᠢᠶᠡᠨ ᠤ ᠤᠳᠤ ᠰᠣᠳᠣᠨ ᠳᠠᠭᠤᠴᠢᠨ ᠢ ᠬᠥᠮᠥᠵᠢᠭᠦᠯᠵᠦ᠂ ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠤᠯᠠᠮᠵᠢᠯᠠᠨ | ᠳᠠᠭᠤᠯᠠᠭᠴᠢ ᠶᠢ 10000 ᠬᠥᠮᠥᠵᠢᠭᠦᠯᠦᠨ᠎ᠡ᠃ ᠡᠭᠦᠨ ᠤ ᠬᠠᠮᠲᠤ ︽ᠵᠠᠭᠤᠨ ᠠᠵᠤ ᠠᠬᠤᠶᠢᠯᠠᠯ ᠭᠠᠪᠰᠢᠭᠠᠶᠢᠯᠠᠨ ᠠᠵᠢᠯᠯᠠᠬᠤ︾᠂ ︽ᠠᠶᠠᠯᠭᠤᠲᠤ ᠵᠢᠭᠤᠯᠴᠢᠯᠠᠯ | +︾᠂ ︽+ ᠠᠶᠠᠯᠭᠤᠲᠤ ᠵᠢᠭᠤᠯᠴᠢᠯᠠᠯ︾ ᠤᠨ ᠠᠵᠤ ᠦᠢᠯᠡᠰ ᠤᠨ ᠠᠭᠤᠰᠤᠯᠴᠠᠯ ᠤᠨ ᠵᠠᠭᠪᠤᠷ ᠢ ᠳᠡᠯᠭᠡᠷᠡᠭᠦᠯᠵᠦ᠂ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ︾ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢᠶᠠᠷ ᠬᠤᠰᠢᠭᠤᠴᠢᠯᠠᠭᠰᠠᠨ ᠥᠪᠡᠷᠲᠡᠭᠡᠨ ᠵᠠᠰᠠᠬᠤ ᠣᠷᠣᠨ - ᠠᠶᠢᠮᠠᠭ ᠬᠤᠲᠠ - | ᠬᠤᠰᠢᠭᠤ ᠰᠢᠶᠠᠨ - ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠭᠡᠬᠦ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠵᠢᠭᠰᠠᠯ ᠢ ᠪᠠᠶᠢᠭᠤᠯᠤᠨ᠂ ᠨᠡᠶᠢᠭᠡᠮ | ᠳᠠᠶᠠᠭᠠᠷ ᠣᠷᠣᠯᠴᠠᠵᠤ᠂ ᠲᠣᠮᠣ ᠠᠵᠤ ᠦᠢᠯᠡᠰ ᠠᠭᠤᠰᠤᠯᠴᠠᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠥᠪᠥᠷ ᠮᠣᠩᠭᠤᠯ ᠤᠨ ᠰᠣᠶᠣᠯ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠤᠢ᠃ | |