ᠥᠪᠥᠷ ᠮᠣᠩᠭᠤᠯ ᠨᠠᠮᠤᠷ ᠤᠨ ᠵᠢᠭᠤᠯᠴᠢᠯᠠᠯ ᠤᠨ 20 ᠰᠣᠳᠣᠨ ᠵᠠᠮ ᠱᠤᠭᠤᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2024/11/8
        9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠠᠯ᠎ᠠ ᠨᠤᠲᠤᠭ ᠤᠨ ᠵᠢᠭᠤᠯᠴᠢᠯᠠᠯ᠂ ᠤᠢ ᠰᠢᠭᠤᠢ ᠶᠢᠨ ᠵᠢᠭᠤᠯᠴᠢᠯᠠᠯ᠂ ᠥᠪᠡᠷ ᠢᠶᠠᠨ ᠮᠠᠰᠢᠨ ᠪᠠᠷᠢᠬᠤ ᠵᠢᠭᠤᠯᠴᠢᠯᠠᠯ᠂ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ  ᠤᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ 6 ᠶᠡᠭᠡ ᠭᠤᠣᠯ ᠰᠡᠳᠦᠪ ᠢᠶᠠᠷ ᠥᠪᠥᠷ ᠮᠣᠩᠭᠤᠯ ᠤᠨ ᠨᠠᠮᠤᠷ ᠤᠨ ᠵᠢᠭᠤᠯᠴᠢᠯᠠᠯ ᠤᠨ 20 ᠰᠣᠳᠣᠨ ᠵᠠᠮ ᠱᠤᠭᠤᠮ ᠢ ᠨᠡᠶᠢᠲᠡᠯᠡᠵᠦ᠂ ᠬᠤᠯᠠ ᠣᠶᠢᠷ᠎ᠠ ᠶᠢᠨ ᠵᠢᠭᠤᠯᠴᠢᠯᠠᠬᠰᠠᠳ ᠲᠤ ᠴᠢᠩ ᠰᠡᠳᠬᠢᠯ ᠤᠨ ᠤᠷᠢᠯᠭ᠎ᠠ ᠲᠠᠯᠪᠢᠯ᠎ᠠ᠃         ᠲᠠᠯ᠎ᠠ ᠨᠤᠲᠤᠭ ᠤᠨ ᠵᠢᠭᠤᠯᠴᠢᠯᠠᠯ ᠳᠤ ᠬᠠᠮᠤᠭ ᠤᠨ ᠰᠠᠶᠢᠬᠠᠨ ᠲᠠᠯ᠎ᠠ ᠨᠤᠲᠤᠭ ᠤᠨ ᠠᠶᠠᠯᠠᠯ ᠢᠶᠠᠷ ᠬᠥᠯᠥᠨ ᠪᠤᠶᠢᠷ ᠤᠨ ᠨᠠᠮᠤᠷ ᠤᠨ ᠥᠩᠭᠡ ᠦᠵᠡᠮᠵᠢ ᠶᠢ ᠰᠣᠨᠢᠷᠬᠠᠬᠤ᠂ ᠲᠠᠯ᠎ᠠ ᠨᠤᠲᠤᠭ ᠡᠯᠡᠰᠦᠨ ᠴᠥᠯ ᠤᠨ ᠠᠶᠠᠯᠠᠯ ᠢᠶᠠᠷ ᠲᠦᠩᠯᠢᠶᠣᠣ ᠳᠤ ᠵᠢᠭᠤᠯᠴᠢᠯᠠᠬᠤ᠂ ᠬᠢᠯᠢ ᠬᠢᠵᠠᠭᠠᠷ ᠤᠨ ᠲᠠᠯ᠎ᠠ ᠨᠤᠲᠤᠭ ᠤᠨ ᠵᠠᠩ ᠦᠢᠯᠡ ᠶᠢᠨ ᠠᠶᠠᠯᠠᠯ ᠢᠶᠠᠷ ᠪᠣᠷᠣᠳᠣᠬᠤᠢ ᠶᠢᠨ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ 3 ᠵᠠᠮ ᠱᠤᠭᠤᠮ ᠪᠠᠭᠲᠠᠪᠠ᠃ ᠣᠢ ᠰᠢᠭᠤᠢ ᠶᠢᠨ ᠵᠢᠭᠤᠯᠴᠢᠯᠠᠯ ᠳᠤ ᠬᠠᠮᠤᠭ ᠤᠨ ᠭᠤᠶᠤ ᠶᠡᠭᠡ ᠬᠢᠩᠭᠠᠨ ᠳᠠᠪᠠᠭ᠎ᠠ ᠶᠢᠨ ᠲᠣᠭᠤᠷᠢᠯ ᠵᠠᠮ ᠢᠶᠠᠷ ᠳᠣᠮᠣᠭᠲᠤ ᠶᠢᠷᠲᠢᠨᠴᠦ ᠳᠤ ᠠᠶᠠᠯᠠᠬᠤ᠂ ᠬᠡᠭᠡᠷ᠎ᠡ ᠪᠠᠭᠤᠳᠠᠯᠯᠠᠵᠤ ᠣᠢ ᠰᠢᠭᠤᠢ ᠳᠤ ᠰᠠᠷᠠ ᠰᠣᠨᠢᠷᠬᠠᠬᠤ ᠶᠠᠪᠠᠭᠠᠨ ᠠᠶᠠᠯᠠᠯ ᠢᠶᠠᠷ ᠵᠤᠭ᠎ᠠ ᠴᠡᠩᠭᠡᠯ ᠢ ᠡᠳ᠋ᠯᠡᠬᠦ᠂ ᠶᠠᠨᠱᠠᠨ ᠠᠭᠤᠯᠠ ᠶᠢᠨ ᠠᠷᠤ ᠬᠤᠷᠮᠣᠢ - ᠵᠠᠭᠤᠨ ᠭᠠᠵᠠᠷ ᠤᠨ ᠵᠢᠷᠤᠭᠲᠤ ᠬᠤᠩᠭᠢᠯ ᠤᠨ ᠨᠠᠮᠤᠷ ᠤᠨ ᠠᠶᠠᠯᠠᠯ ᠢᠶᠠᠷ ᠬᠤᠩᠱᠠᠨ ᠰᠣᠶᠣᠯ ᠢ ᠰᠣᠨᠢᠷᠬᠠᠬᠤ᠂ ᠠᠯᠠᠱᠠ ᠶᠢᠨ ᠡᠯᠡᠰᠦᠨ ᠴᠥᠯ ᠤᠨ ᠲᠣᠣᠷᠠᠢ ᠶᠢᠨ ᠤᠢ ᠶᠢᠨ ᠠᠶᠠᠯᠠᠯ ᠢᠶᠠᠷ ᠬᠠᠮᠤᠭ ᠤᠨ ᠭᠤᠶᠤ ᠲᠣᠣᠷᠠᠢ ᠶᠢᠨ ᠤᠢ ᠶᠢ ᠰᠣᠨᠢᠷᠬᠠᠬᠤ ᠵᠡᠷᠭᠡ 4 ᠵᠠᠮ ᠱᠤᠭᠤᠮ ᠪᠠᠭᠲᠠᠵᠠᠢ᠃ ᠥᠪᠡᠷ ᠢᠶᠠᠨ ᠮᠠᠰᠢᠨ ᠪᠠᠷᠢᠬᠤ ᠵᠢᠭᠤᠯᠴᠢᠯᠠᠯ ᠳᠤ ᠠᠯᠲᠠᠨ ᠨᠠᠮᠤᠷ ᠢᠶᠠᠷ ᠭᠦᠭᠡᠬᠤᠲᠠ ᠳᠤ ᠠᠮᠠᠷᠠᠵᠤ ᠵᠤᠭᠠᠴᠠᠨ ︽ᠵᠢᠭᠤᠯᠴᠢᠯᠠᠯ ᠤᠨ ᠳᠥᠷᠪᠡᠨ ᠭᠠᠵᠠᠷ︾ ᠢᠶᠠᠷ ᠠᠶᠠᠯᠠᠬᠤ᠂ ᠳᠤᠮᠳᠠᠳᠤ ᠮᠣᠩᠭᠤᠯ ᠤᠨ ᠬᠢᠯᠢ ᠶᠢᠨ ᠪᠣᠭᠤᠮᠲᠠ ᠶᠢᠨ ᠠᠶᠠᠯᠠᠯ ᠢᠶᠠᠷ ᠴᠠᠢ ᠶᠢᠨ ᠵᠠᠮ ᠤᠨ ᠥᠷᠲᠡᠭᠡ ᠶᠢ ᠰᠣᠨᠢᠷᠬᠠᠬᠤ᠂ ᠥᠪᠡᠷ ᠢᠶᠠᠨ ᠮᠠᠰᠢᠨ ᠪᠠᠷᠢᠵᠤ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠲᠣᠭᠤᠷᠢᠬᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ · ᠡᠷᠲᠡᠨ ᠤ ᠵᠠᠮ ᠤᠨ ᠤᠯᠠ ᠮᠥᠷ ᠢ ᠬᠠᠶᠢᠬᠤ︾ ᠵᠡᠷᠭᠡ 4 ᠵᠠᠮ ᠱᠤᠭᠤᠮ ᠪᠠᠭᠲᠠᠪᠠ᠃ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ ᠳᠤ ᠮᠠᠨᠵᠤᠤᠷ  ᠤᠨ ᠬᠤᠪᠢᠰᠬᠠᠯ ᠤᠨ ᠳᠤᠷᠠᠳᠬᠠᠯ ᠤᠨ ᠠᠶᠠᠯᠠᠯ᠂ ᠪᠠᠶᠠᠨᠨᠠᠭᠤᠷ ᠤᠨ ︽ᠳᠤᠷᠠᠳᠬᠠᠯ · ᠤᠭ ᠰᠠᠨᠠᠭ᠎ᠠ︾ ᠬᠤᠪᠢᠰᠬᠠᠯ ᠤᠨ ᠪᠡᠶᠡᠴᠢᠯᠡᠨ ᠣᠶᠢᠯᠠᠭᠠᠬᠤ ᠠᠶᠠᠯᠠᠯ᠂ ᠥᠪᠥᠷ ᠮᠣᠩᠭᠤᠯ ᠤᠨ ᠬᠤᠪᠢᠰᠬᠠᠯ ᠤᠨ ᠡᠬᠢ ᠡᠭᠦᠰᠦᠯ ᠤᠨ ᠭᠠᠵᠠᠷ ᠤᠨ ᠠᠶᠠᠯᠠᠯ ᠵᠡᠷᠭᠡ 3 ᠵᠠᠮ ᠱᠤᠭᠤᠮ ᠪᠠᠭᠲᠠᠪᠠ᠃         ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠳᠤ ᠤᠮᠠᠷᠠᠲᠤ ᠬᠢᠯᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠠᠶᠠᠯᠠᠯ᠂ ᠤᠮᠠᠷᠠᠲᠤ ᠬᠢᠯᠢ ᠶᠢᠨ ᠴᠠᠰᠤᠨ ᠤᠶᠠᠩᠭ᠎ᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠠᠶᠠᠯᠠᠯ᠂ ᠪᠣᠷᠣᠳᠣᠬᠤᠢ ᠶᠢᠨ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠠᠶᠠᠯᠠᠯ᠂ ︽ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ︾ ᠠᠶᠠᠯᠠᠯ ᠵᠡᠷᠭᠡ 4 ᠵᠠᠮ ᠱᠤᠭᠤᠮ ᠪᠠᠭᠲᠠᠵᠠᠢ᠃ ᠬᠢᠯᠢ ᠠᠯᠤᠰᠯᠠᠭᠰᠠᠨ ᠵᠢᠭᠤᠯᠴᠢᠯᠠᠯ  ᠳᠤ ᠮᠠᠨᠵᠤᠤᠷ ᠤᠨ ᠬᠢᠯᠢ ᠠᠯᠤᠰᠯᠠᠭᠰᠠᠨ ᠠᠶᠠᠯᠠᠯ᠂ ᠲᠤᠮᠳᠠᠳᠤ ᠮᠣᠩᠭᠤᠯ ᠤᠷᠤᠰ ᠤᠨ ︽ᠭᠤᠷᠪᠠᠨ ᠨᠠᠭᠤᠷ ᠤᠨ ᠪᠣᠯᠵᠤᠭ᠎ᠠ︾ ᠬᠢᠯᠢ ᠠᠯᠤᠰᠯᠠᠭᠰᠠᠨ ᠠᠶᠠᠯᠠᠯ ᠵᠡᠷᠭᠡ 2 ᠵᠠᠮ ᠱᠤᠭᠤᠮ ᠪᠠᠭᠲᠠᠪᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ