ᠸᠠᠩ ᠸᠠᠩ ᠱᠧᠩ ᠱᠧᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/8
        11 ᠰᠠᠷ᠎ᠠ ᠶᠢᠨ 4 — 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃
110802.1.jpg 
        ᠮᠣᠩᠭᠤᠯ ᠦᠨᠳᠦᠰᠦᠲᠡᠨ ᠤ ᠡᠬᠢ ᠡᠭᠦᠰᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠲᠤ᠂ ᠸᠠᠩ ᠸᠠᠩ ᠱᠧᠩ ᠱᠧᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠤᠯᠪᠣᠭᠳᠠᠯ ᠪᠦᠬᠦᠢ ᠰᠡᠳᠦᠪ ᠤᠨ ᠰᠤᠳᠤᠯᠭᠠᠨ ᠵᠢᠴᠢ ᠦᠷ᠎ᠡ ᠪᠦᠲᠦᠭᠡᠯ ᠢ ᠬᠤᠪᠢᠷᠠᠭᠤᠯᠤᠭᠰᠠᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠣᠯᠠᠨ ᠵᠢᠯ ᠤᠨ ᠭᠦᠨᠵᠡᠭᠡᠶ ᠠᠭᠤᠳᠠᠯᠤᠯᠲᠠ᠂ ᠨᠢᠭᠡ ᠰᠡᠳᠬᠢᠯ ᠢᠶᠠᠷ ᠰᠤᠳᠤᠯᠬᠤ ᠪᠠᠷ ᠳᠡᠮᠵᠢᠨ᠂ ᠮᠠᠨ ᠤ ᠬᠤᠲᠠ ᠶᠢᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠠᠰᠢᠭᠯᠠᠬᠤ ᠦᠷ᠎ᠡ ᠪᠦᠲᠦᠭᠡᠯ ᠲᠠᠰᠤᠷᠠᠯᠲᠠ ᠥᠬᠡᠶ ᠪᠠᠶᠠᠯᠢᠭᠵᠢᠪᠠ᠃ ᠨᠢᠭᠡ ᠭᠤᠣᠯ ᠰᠢᠵᠢᠮ ᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢ ᠲᠥᠯᠥᠪᠯᠡᠨ ᠠᠬᠢᠭᠤᠯᠵᠤ᠂ ᠰᠤᠳᠤᠯᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠣᠶᠣᠯ ᠤᠨ ᠡᠬᠢ ᠪᠠᠶᠠᠯᠢᠭ ᠤᠨ ᠰᠠᠭᠤᠷᠢ ᠲᠤᠭ᠎ᠠ ᠪᠠ ᠨᠡᠭᠡᠭᠡᠨ ᠠᠰᠢᠭᠯᠠᠵᠤ ᠪᠠᠶᠢᠭ᠎ᠠ ᠪᠠᠶᠢᠳᠠᠯ ᠢ ᠲᠣᠳᠣᠷᠬᠠᠢ ᠣᠶᠢᠯᠠᠭᠠᠵᠤ᠂ ᠡᠯ᠎ᠡ ᠬᠤᠭᠤᠴᠠᠭᠠᠨ ᠤ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠪᠠ ᠬᠥᠭᠵᠢᠯᠲᠡ ᠶᠢᠨ ᠰᠤᠳᠠᠰᠤ ᠶᠢ ᠡᠮᠬᠢᠯᠡᠨ ᠨᠡᠶᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠥᠷᠭᠡᠳᠬᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠣᠶᠣᠯ ᠢ ᠤᠯᠠᠮᠵᠢᠯᠠᠬᠤ᠂ ᠬᠤᠪᠢᠷᠠᠭᠤᠯᠬᠤ᠂ ᠢᠯᠡᠳᠬᠡᠬᠦ ᠠᠷᠭ᠎ᠠ ᠬᠡᠯᠪᠡᠷᠢ ᠶᠢ ᠰᠢᠨᠡᠴᠢᠯᠡᠵᠦ᠂ ᠲᠡᠦᠬᠡ ᠰᠣᠶᠣᠯ ᠤᠨ ᠦᠨ᠎ᠡ ᠦᠷᠳᠡᠭ ᠢ ᠰᠣᠶᠣᠯ ᠵᠢᠭᠤᠯᠴᠢᠯᠠᠯ ᠤᠨ ᠲᠣᠭᠤᠷᠢᠭ ᠱᠤᠭᠤᠮ ᠤᠨ ᠪᠦᠳᠦᠭᠡᠨ ᠪᠠᠶᠢᠭᠤᠯᠤᠯᠲᠠ ᠶᠢᠨ ᠠᠵᠢᠯ ᠲᠠᠢ ᠠᠭᠤᠰᠤᠯᠴᠠᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠬᠥᠯᠥᠨ ᠪᠤᠶᠢᠷ ᠤᠨ ᠤᠨᠴᠠᠯᠢᠬᠳᠤ ᠲᠦᠷᠦᠯ ᠲᠡᠮᠳᠡᠭ ᠢ ᠴᠣᠭᠴᠠᠯᠠᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠢᠷᠠᠭᠤᠯᠬᠤ ᠠᠵᠠ ᠲᠣᠬᠢᠶᠠᠯ ᠢ ᠡᠵᠡᠮᠳᠡᠨ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠵᠠᠯᠭᠠᠮᠵᠢ ᠬᠥᠭᠵᠢᠯᠲᠡ ᠶᠢᠨ ᠰᠡᠳᠬᠢᠮᠵᠢ᠂ ᠲᠥᠷᠦᠯ ᠵᠦᠢᠯ ᠤᠨ ᠲᠦᠯᠦᠪᠵᠢᠬᠦᠯᠭᠡ ᠵᠡᠷᠭᠡ ᠠᠯᠢ ᠣᠯᠠᠨ ᠠᠵᠢᠯ ᠢ ᠨᠠᠩ ᠦᠷᠭᠦᠯᠵᠢᠯᠡᠬᠦ ᠴᠢᠨᠠᠷᠲᠠᠢ᠂ ᠨᠠᠩ ᠠᠯᠤᠰ ᠬᠡᠲᠦ ᠳᠤ ᠠᠰᠢᠭᠲᠠᠢ ᠠᠳᠬᠤᠬᠤ ᠬᠡᠷᠡᠭᠲᠡᠢ ᠭᠡᠵᠡᠢ᠃
110802.2.jpg
         ᠬᠥᠯᠥᠨ ᠪᠤᠶᠢᠷ ᠤᠨ ᠲᠡᠦᠬᠡ ᠶᠢᠨ ᠮᠦᠽᠧᠢ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠮᠦᠽᠧᠢ ᠳᠤ᠂ ᠸᠠᠩ ᠸᠠᠩ ᠸᠠᠩ ᠱᠧᠩ ᠳᠠᠯᠠᠪᠠᠢ ᠣᠷᠳᠣᠨ ᠤ ᠪᠦᠳᠦᠬᠡᠨ ᠪᠠᠶᠢᠭᠤᠯᠤᠯᠲᠠ᠂ ᠳᠡᠯᠭᠡᠨ ᠦᠵᠡᠭᠦᠯᠭᠡ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠮᠦᠽᠧᠢ ᠳᠤ ᠬᠤᠪᠣᠷ ᠨᠠᠨᠳᠢᠨ ᠰᠣᠶᠣᠯ ᠤᠨ ᠡᠳ᠋ ᠪᠠᠶᠠᠯᠢᠭ ᠪᠤᠢ᠂ ᠲᠤᠰ ᠪᠡᠶ᠎ᠡ ᠶᠢᠨ ᠰᠣᠶᠣᠯ ᠤᠨ ᠥᠪᠡᠷᠮᠢᠴᠡ ᠠᠭᠤᠯᠤᠭᠳᠠᠬᠤᠨ ᠢᠶᠠᠨ ᠭᠦᠢᠴᠡᠳ ᠠᠭᠤᠳᠠᠯᠵᠤ᠂ ᠳᠡᠯᠭᠡᠨ ᠦᠵᠡᠭᠦᠯᠵᠦ ᠪᠠᠶᠢᠷᠢᠰᠢᠭᠤᠯᠬᠤ ᠪᠠ ᠡᠵᠡᠩᠨᠡᠬᠦ ᠠᠷᠭ᠎ᠠ ᠬᠡᠯᠪᠡᠷᠢ ᠶᠢ ᠰᠦᠪᠡᠭᠴᠢᠯᠡᠨ ᠰᠢᠨ᠎ᠡ ᠶᠢ ᠡᠭᠦᠳᠴᠦ᠂ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠢ ᠠᠮᠢᠳᠤᠷᠠᠯ ᠳᠤ ᠨᠡᠩ ᠰᠠᠶᠢᠨ ᠠᠭᠤᠰᠤᠯᠴᠠᠭᠤᠯᠵᠤ᠂ ᠤᠯᠠᠨ ᠲᠦᠮᠡᠨ ᠳᠤ ᠦᠢᠯᠡᠴᠢᠯᠡᠭᠦᠯᠵᠦ᠂ ᠤᠯᠠᠮᠵᠢᠯᠠᠬᠤ ᠬᠥᠭᠵᠢᠭᠦᠯᠬᠦ ᠳᠤᠮᠳᠠ ᠠᠮᠢᠵᠢᠷᠠᠯ ᠤᠨ ᠬᠦᠴᠦᠨ ᠢ ᠪᠠᠳᠠᠷᠠᠭᠤᠯᠬᠤ ᠬᠡᠷᠡᠭᠲᠡᠢ ᠭᠡᠪᠡ᠃         ᠸᠠᠩ ᠸᠠᠩ ᠱᠧᠩ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠦᠢᠺᠦ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠳᠤ ᠬᠦᠷᠴᠦ᠂ ᠪᠣᠯᠪᠠᠰᠤᠷᠠᠵᠤ ᠪᠠᠶᠢᠭ᠎ᠠ ᠲᠠᠮᠢᠷᠴᠢᠨ ᠪᠣᠯᠤᠨ ᠳᠠᠰᠬᠠᠯᠵᠢᠭᠤᠯᠤᠭᠴᠢ ᠶᠢ ᠪᠣᠯᠭᠤᠭᠠᠨ ᠲᠣᠬᠤᠨᠢᠭᠤᠯᠪᠠ᠃ ᠲᠡᠷᠡ᠂ ᠪᠤᠶᠢᠺᠤ ᠪᠥᠮᠪᠦᠭᠡ ᠭᠡᠬᠦ ᠡᠨᠡ ᠬᠦ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠪᠣᠯᠪᠠᠰᠤᠷᠠᠯ ᠤᠨ ᠰᠠᠭᠤᠷᠢᠨ ᠢ ᠲᠦᠷᠭᠡᠳᠬᠡᠨ ᠪᠠᠶᠢᠷᠢᠰᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠦᠨ ᠳᠡᠯᠭᠡᠷᠡᠭᠦᠯᠵᠦ᠂ ︽ᠪᠤᠶᠢᠺᠤ ᠪᠥᠮᠪᠦᠭᠡ ᠶᠢᠨ ᠨᠠᠷᠠᠲᠤ ᠬᠤᠲᠠ︾ ᠶᠢᠨ ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠠᠯᠳᠠᠷᠰᠢᠭᠤᠯᠬᠤ ᠬᠡᠷᠡᠭᠲᠡᠶ ᠭᠡᠵᠡᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ