ᠲᠦᠩᠯᠢᠶᠣᠣ ᠬᠤᠳᠠ ᠤᠯᠠᠭᠠᠨᠴᠠᠪ ᠬᠤᠳᠠ 2025 ᠣᠨ ᠤ ᠭᠤᠣᠯᠳᠠᠯᠭ᠎ᠠ ᠪᠣᠯᠬᠤ ᠲᠦᠷᠦᠯ ᠵᠦᠢᠯ ᠢ ᠨᠥᠭᠡᠴᠡᠯᠡᠬᠦ ᠪᠠᠨ ᠡᠷᠲᠡᠬᠡᠨ ᠲᠥᠯᠥᠪᠯᠡᠵᠦ ᠪᠣᠢ
ᠨᠡᠶᠢᠲᠡᠯᠡᠭᠰᠡᠨ ᠴᠠᠭ᠄
2024/11/8
        ᠲᠦᠩᠯᠢᠶᠣᠤ ᠬᠤᠳᠠ᠂ ᠤᠯᠠᠭᠠᠨᠴᠠᠪ ᠬᠤᠳᠠ 2025 ᠣᠨ ᠤ ᠭᠤᠣᠯᠳᠠᠯᠭ᠎ᠠ ᠪᠣᠯᠬᠤ ᠲᠦᠷᠦᠯ ᠵᠦᠢᠯ ᠢ ᠨᠥᠭᠡᠴᠡᠯᠡᠬᠦ ᠪᠠᠨ ᠡᠷᠲᠡᠬᠡᠨ ᠲᠥᠯᠥᠪᠯᠡᠵᠦ ᠪᠣᠢ᠃ 2025 ᠣᠨ ᠳᠤ᠂ ᠲᠦᠩᠯᠢᠶᠣᠤ ᠬᠤᠲᠠ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠪᠣᠯᠬᠤ ᠲᠦᠷᠦᠯ ᠵᠦᠢᠯ ᠢ 516 ᠬᠡᠷᠡᠭᠵᠢᠭᠦᠯᠬᠦ ᠪᠠᠷ ᠲᠥᠯᠥᠪᠯᠡᠵᠦ᠂ ᠲᠡᠳᠡᠭᠡᠷ ᠤᠨ ᠶᠡᠷᠦᠩᠬᠡᠶ ᠪᠠᠯᠠ ᠣᠷᠣᠭᠤᠯᠤᠯᠲᠠ ᠶᠢ 2532.8 ᠳ᠋ᠦᠩᠰᠢᠭᠤᠷ ᠲᠥᠭᠦᠷᠢᠭ᠂ ᠵᠢᠯ ᠤᠨ ᠪᠠᠯᠠ ᠣᠷᠣᠭᠤᠯᠤᠯᠲᠠ ᠶᠢ 712.3 ᠳ᠋ᠦᠩᠰᠢᠭᠤᠷ ᠲᠥᠭᠦᠷᠢᠭ ᠢᠶᠠᠷ ᠲᠥᠯᠥᠪᠯᠡᠪᠡ᠃ ᠡᠭᠦᠨ ᠳᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 301 ᠪᠠᠶᠢᠵᠤ᠂ ᠵᠢᠯ ᠤᠨ ᠪᠡᠯᠡ ᠣᠷᠣᠭᠤᠯᠤᠯᠲᠠ ᠶᠢ ᠨᠢ 389.2 ᠳ᠋ᠦᠩᠰᠢᠭᠤᠷ ᠲᠥᠭᠦᠷᠢᠭ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 215 ᠪᠠᠶᠢᠵᠤ᠂ ᠵᠢᠯ ᠤᠨ ᠪᠡᠯᠡ ᠣᠷᠣᠭᠤᠯᠤᠯᠲᠠ ᠶᠢ ᠨᠢ 323.11 ᠳ᠋ᠦᠩᠰᠢᠭᠤᠷ ᠲᠥᠭᠦᠷᠢᠭ ᠢᠶᠠᠷ ᠲᠥᠯᠥᠪᠯᠡᠵᠡᠶ᠃ ᠣᠳᠣᠬᠠᠨ ᠳᠤ᠂ ᠡᠮᠦᠨᠡᠬᠢ ᠬᠤᠭᠤᠴᠠᠭᠠᠨ ᠤ ᠭᠠᠷᠳᠠᠮ ᠢᠶᠠᠨ ᠪᠥᠬᠦᠨ ᠢᠶᠠᠷ ᠨᠢ ᠭᠦᠢᠴᠡᠳᠭᠡᠵᠤ ᠳᠠᠭᠤᠰᠬᠠᠭᠰᠠᠨ ᠲᠥᠷᠥᠯ ᠵᠦᠢᠯ ᠨᠡᠶᠢᠲᠡ 219 ᠪᠠᠶᠢᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠭᠡᠵᠤ ᠳᠠᠭᠤᠰᠬᠠᠭᠰᠠᠨ ᠨᠣᠷᠮ᠎ᠠ ᠨᠢ 42.4% ᠪᠣᠯᠪᠠ᠃ ᠤᠯᠠᠭᠠᠨᠴᠠᠪ ᠬᠤᠲᠠ 212 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠡᠳᠡᠭᠡᠷ ᠤᠨ ᠶᠡᠷᠦᠩᠬᠡᠢ ᠪᠡᠯᠡ ᠣᠷᠤᠭᠤᠯᠤᠯᠲᠠ ᠶᠢ 2012 ᠳ᠋ᠦᠩᠰᠢᠭᠤᠷ ᠲᠥᠭᠦᠷᠢᠭ᠂ ᠵᠢᠯ ᠤᠨ ᠪᠡᠯᠡ ᠣᠷᠤᠭᠤᠯᠤᠯᠲᠠ ᠶᠢ 464 ᠳ᠋ᠦᠩᠰᠢᠭᠤᠷ ᠲᠥᠭᠦᠷᠢᠭ ᠢᠶᠠᠷ ᠲᠥᠯᠥᠪᠯᠡᠪᠡ᠃ ᠡᠭᠦᠨ ᠳᠤ᠂ 47 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ ᠳ᠋ᠠᠶᠢᠲ᠋ᠠ ᠶᠢᠨ ᠲᠥᠪ ᠤᠨ ᠲᠥᠷᠥᠯ ᠵᠦᠢᠯ ᠢ 22 ᠬᠡᠷᠡᠭᠵᠢᠭᠦᠯᠬᠦ ᠪᠠᠷ ᠲᠥᠯᠥᠪᠯᠡᠵᠦ᠂ ᠪᠥᠬᠦ ᠤᠯᠤᠰ ᠲᠤ ᠬᠠᠨᠳᠤᠭᠤᠯᠤᠭᠰᠠᠨ ︽ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ︾ ᠪᠤᠳᠤᠯᠭ᠎ᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠤᠨ᠎ᠠ︔ ︽ᠨᠣᠬᠠᠢ ᠶᠢᠨ ᠬᠤᠰᠢᠭᠤ᠂ ᠢᠳᠡᠰᠢᠨ ᠨᠣᠭᠤᠭ᠎ᠠ᠂ ᠲᠥᠮᠥᠰᠥ᠂ ᠦᠬᠡᠷ ᠤᠨ ᠮᠢᠬ᠎ᠠ᠂ ᠬᠤᠨᠢᠨ ᠮᠢᠬ᠎ᠠ᠂ ᠰᠦ ᠰᠠᠭᠠᠯᠢ︾ ᠶᠢᠨ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ 15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠣᠲᠣ ᠦᠶ᠎ᠡ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ 22 ᠲᠥᠷᠥᠯ ᠵᠦᠢᠯ ᠢ ᠬᠡᠷᠡᠭᠵᠢᠭᠦᠯᠬᠦ ᠪᠠᠷ ᠪᠣᠢ︔ ᠰᠠᠯᠬᠢ ᠭᠡᠷᠡᠯ ᠤᠰᠤᠲᠥ᠋ᠷᠥᠭᠴᠢ ᠨᠥᠭᠡᠴᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ 289 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠵᠦᠸᠧᠽᠢ ᠰᠢᠶᠠᠨ ᠤ 100 ᠲᠦᠮᠡᠨ ᠺᠢᠯᠣᠸᠠᠲ / 600 ᠲᠦᠮᠡᠨ ᠺᠢᠯᠣᠸᠠᠲ ᠴᠠᠭ ᠤᠨ ᠴᠠᠬᠢᠯᠭᠠᠨ ᠲᠣᠤᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠵᠡᠷᠭᠡ 44 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠤᠯᠠᠭᠠᠨᠴᠠᠪ – ᠡᠷᠢᠶᠡᠨ ᠤ ᠤᠯᠤᠰ ᠤᠨ ᠪᠠᠷᠠᠭᠠᠨ ᠤ  ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠬᠢᠯᠢ ᠶᠢᠨ ᠪᠣᠭᠤᠮᠲᠠ ᠬᠢᠭᠡᠳ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢᠨ ᠲᠣᠭᠤᠷᠢᠨ ᠳᠤ᠂ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠵᠠᠮ ᠬᠠᠷᠢᠯᠴᠠᠭ᠎ᠠ ᠪᠠ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶ᠋ᠯᠭᠡᠭᠡᠨ ᠤ 10 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠬᠤ ᠪᠣᠯᠣᠨ᠎ᠠ᠃ ︵ᠲᠦᠩᠯᠢᠶᠣᠤ ᠬᠤᠲᠠ ᠶᠢᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ