2024 ᠣᠨ ᠤ ᠪᠥᠬᠦ ᠣᠷᠣᠨ ᠤ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠪᠠᠷ ᠮᠡᠳᠡᠭᠦᠯᠦᠭᠰᠡᠨ ᠬᠥᠮᠥᠰ ᠢ ᠢᠯᠡ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/12/11
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽2024 ᠣᠨ ᠤ ᠪᠥᠬᠦ ᠣᠷᠣᠨ ᠤ ᠵᠢᠩᠬᠢᠨᠢ ᠳᠡᠭᠡᠳᠦ ᠵᠡᠷᠭᠡ ᠶᠢᠨ ᠪᠠ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠬᠢᠷᠢ ᠬᠡᠮ ᠢ ᠬᠢᠨᠠᠨ ᠲᠣᠭᠲᠠᠭᠠᠬᠤ ᠪᠠᠷ ᠮᠡᠳᠡᠭᠦᠯᠬᠦ ᠠᠵᠢᠯ ᠤᠨ ᠲᠤᠬᠠᠢ ᠮᠡᠳᠡᠭᠳᠡᠯ︾ ︵ᠥᠪᠥᠷ ᠮᠣᠩᠭᠤᠯ ᠤᠨ ᠡᠳ᠋ ᠤᠨ ᠵᠠᠰᠠᠭ ᠤᠨ ᠨᠢᠭᠲᠠᠯᠠᠨ ᠪᠤᠳᠤᠬᠤ ᠵᠠᠬᠢᠳᠠᠯ ﹇2024﹈ 701 ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2024 ᠣᠨ ᠤ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠦᠭᠰᠡᠨ ᠠᠵᠢᠯᠲᠠᠨ ᠢ ᠢᠯᠡ ᠨᠡᠶᠢᠲᠡᠯᠡᠪᠡ ᠃         ᠨᠢᠭᠡ᠂ ᠢᠯᠡ ᠨᠡᠶᠢᠲᠡᠯᠡᠬᠦ ᠨᠡᠷᠡᠰ         ᠸᠠᠩ ᠵᠢᠶᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠦᠷᠦᠯ ᠵᠦᠢᠯ ᠤᠨ ᠬᠠᠮᠢᠶᠠᠷᠤᠯᠲᠠ ᠶᠢᠨ ᠲᠥᠪ ᠤᠨ ᠡᠷᠬᠢᠯᠡᠭᠴᠢ᠂ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠣᠯᠬᠤ ᠪᠠᠷ ᠭᠤᠶᠤᠴᠢᠯᠠᠨ ᠮᠡᠳᠡᠭᠦᠯᠪᠡ ᠃         ᠬᠤᠶᠠᠷ᠂ ᠢᠯᠡ ᠨᠡᠶᠢᠲᠡᠯᠡᠬᠦ ᠴᠠᠭ         ᠢᠯᠡ ᠨᠡᠶᠢᠲᠡᠯᠡᠬᠦ ᠬᠤᠭᠤᠴᠠᠭ᠎ᠠ ᠨᠢ 2024 ᠣᠨ ᠤ 11 ᠰᠠᠷ᠎ᠠ ᠶᠢᠨ 6 ᠤ ᠡᠳᠦᠷ ᠠᠴᠠ 2024 ᠣᠨ ᠤ 11 ᠰᠠᠷ᠎ᠠ ᠶᠢᠨ 12 ᠤᠨ ᠡᠳᠦᠷ ᠪᠣᠯᠲᠠᠯ᠎ᠠ ᠂ ᠨᠠᠶᠢᠳᠠ 5 ᠠᠵᠢᠯ ᠤᠨ ᠡᠳᠦᠷ ︵ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠪᠠᠭᠲᠠᠬᠤ ᠦᠭᠡᠢ︶ ᠪᠣᠯᠣᠨ᠎ᠠ ᠃         ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ         ᠢᠯᠡ ᠨᠡᠶᠢᠲᠡᠯᠡᠬᠦ ᠬᠤᠭᠤᠴᠠᠭᠠᠨ ᠳᠤ᠂ ᠭᠤᠶᠤᠴᠢᠯᠠᠨ ᠮᠡᠳᠡᠭᠦᠯᠦᠭᠴᠢ ᠳᠤ ᠰᠡᠵᠢᠭ ᠲᠠᠢ ᠨᠢᠭᠡᠴᠢ ᠪᠠ ᠬᠤᠪᠢ ᠬᠥᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠣᠨ᠎ᠠ ᠃ ᠪᠢᠳᠡ ᠠᠰᠠᠭᠤᠳᠠᠯ ᠢ ᠲᠤᠰᠬᠠᠭᠰᠠᠳ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ ᠃ ᠢᠯᠡ ᠨᠡᠶᠢᠲᠡᠯᠡᠬᠦ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠠᠯᠪᠠᠨ ᠠᠰᠠᠷ ᠤᠨ 1104 ᠥᠷᠥᠭᠡ ᠳᠤ ᠲᠣᠬᠢᠷᠠᠭᠤᠯᠪᠠ ᠃ ᠬᠦᠯᠢᠶᠡᠨ ᠠᠪᠬᠤ ᠴᠠᠭ᠄ ᠡᠳᠦᠷ ᠪᠦᠷᠢ ᠶᠢᠨ ᠦᠳᠡ ᠶᠢᠨ ᠡᠮᠦᠨᠡᠬᠢ 9᠄ 00 — 12᠄ 00︔ ᠦᠳᠡ ᠶᠢᠨ ᠬᠤᠶᠢᠨᠠᠬᠢ 13᠄ 30 — 17᠄ 00 ᠬᠦᠯᠢᠶᠡᠨ ᠠᠪᠬᠤ ᠤᠲᠠᠰᠤ᠄ 0471-4632081         ᠳᠠᠭᠠᠯᠳᠤᠭᠤᠯᠤᠯ᠄ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠶᠢᠨ ᠲᠤᠰᠬᠠᠢ ᠮᠡᠷᠭᠡᠵᠢᠯ ᠤᠨ ᠬᠢᠷᠢ ᠬᠡᠮ ᠳᠤ ᠮᠡᠳᠡᠭᠦᠯᠦᠭᠰᠡᠳ ᠤᠨ ᠨᠡᠷᠡᠰ ᠤᠨ ᠪᠦᠷᠢᠳᠬᠡᠯ                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ                                          2024 ᠣᠨ ᠤ 11 ᠰᠠᠷ᠎ᠠ ᠶᠢᠨ 5 ᠤ ᠡᠳᠦᠷ  
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ