ᠵᠠᠯᠠᠶᠢᠨᠠᠭᠤᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠄ | ᠲᠠᠨ ᠤ ᠲᠤᠭᠤᠷᠢᠭ ᠤᠨ ︽ᠵᠠᠯᠠᠶᠢᠨᠠᠭᠤᠷ ᠲᠣᠭᠤᠷᠢᠭ ᠤᠨ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠢᠩ ᠴᠢᠣᠸᠠᠨ | ᠨᠡᠭᠦᠷᠡᠰᠦᠨ ᠠᠭᠤᠷᠬᠠᠶ ᠵᠢᠴᠢ ᠨᠦᠬᠡᠴᠡ ᠤᠷᠤᠨ ᠤ ᠨᠡᠭᠦᠷᠡᠰᠦᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠵᠢᠭᠠᠪᠤᠷᠢ | ᠠᠪᠬᠤ ᠮᠡᠳᠡᠭᠦᠯᠦᠯᠲᠡ︾ ︵ᠵᠠᠯᠠᠶᠢᠨᠠᠭᠤᠷ ᠵᠠᠰᠠᠭ ᠲᠠᠷᠬᠠᠭᠠᠭᠰᠠᠨ ︹2024︺ 2 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠳᠠᠮᠵᠢᠨ᠂ | ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠴᠤᠬᠤᠯᠠᠪᠤᠷᠢᠯᠠᠶ᠎ᠠ᠄ | ᠨᠢᠭᠡ᠂ ᠵᠠᠯᠠᠶᠢᠨᠠᠭᠤᠷ ᠲᠣᠭᠤᠷᠢᠭ ᠤᠨ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠢᠩ ᠴᠢᠣᠸᠠᠨ ᠨᠡᠭᠦᠷᠡᠰᠦᠨ ᠠᠭᠤᠷᠬᠠᠶ | ᠵᠢᠴᠢ ᠨᠦᠬᠡᠴᠡ ᠤᠷᠤᠨ ᠤ ᠨᠡᠭᠦᠷᠡᠰᠦᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ | ᠬᠤᠶᠠᠷ᠂ ᠠᠭᠤᠷᠬᠠᠶ ᠶᠢᠨ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠭᠲᠠᠭᠰᠠᠨ ᠳᠡᠰ ᠳᠠᠷᠠᠭᠠᠯᠠᠯ | ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠶᠠᠪᠤᠳᠠᠯ ᠢ ᠳᠠᠷᠦ᠋ᠢᠬᠠᠨ ᠭᠦᠢᠴᠡᠳᠭᠡᠨ᠎ᠡ᠃ | ᠭᠤᠷᠪᠠ᠂ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ | ᠲᠣᠭᠲᠠᠭᠠᠭᠰᠠᠨ ᠡᠭᠦᠷᠭᠡ ᠪᠠᠨ ᠦᠨᠡᠨ ᠬᠦ ᠭᠦᠢᠴᠡᠳᠭᠡᠬᠦ ᠬᠡᠷᠡᠭᠲᠡᠢ᠃ | ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | | 2024 ᠣᠨ ᠤ 6 ᠰᠠᠷ᠎ᠠ ᠶᠢᠨ 27 ᠤ ᠡᠳᠦᠷ | ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶ | |