︽ᠬᠥᠯᠥᠨ ᠪᠤᠶᠢᠷ ᠤᠨ ᠱᠠᠨ ᠶᠢᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠰᠠᠨ ᠾᠧ ᠬᠠᠷ᠎ᠠ ᠲᠤᠭᠤᠯᠭ᠎ᠠ ᠴᠠᠶᠢᠷ ᠤᠨ ᠬᠦᠳᠡᠷ︾ ᠤᠨ ᠠᠭᠤᠷᠬᠠᠶ ᠮᠠᠯᠲᠠᠬᠤ ᠡᠷᠬᠡ ᠪᠠᠷ ᠭᠤᠤᠯ ᠴᠣᠭᠴᠠ ᠪᠣᠯᠭᠠᠵᠤ ᠭᠦᠨ ᠬᠡᠰᠡᠭ ᠤᠨ ᠬᠠᠰᠤᠵᠤ ᠭᠠᠷᠭᠠᠬᠤ ᠣᠷᠣᠨ ᠢ ᠡᠮᠬᠢᠯᠡᠨ ᠨᠡᠶᠢᠯᠡᠭᠦᠯᠬᠦ ᠶᠢ ᠵᠥᠪᠰᠢᠶᠡᠷᠡᠬᠦ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2024/12/3
ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄         ᠲᠠᠨ ᠤ ᠬᠤᠲᠠ ᠶᠢᠨ ︽︿ᠬᠥᠯᠥᠨ ᠪᠤᠶᠢᠷ ᠤᠨ ᠱᠠᠨ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠰᠠᠨ ᠾᠧ ᠬᠠᠷ᠎ᠠ ᠲᠤᠭᠤᠯᠭ᠎ᠠ ᠴᠠᠶᠢᠷ ᠤᠨ ᠬᠦᠳᠡᠷ﹀ ᠤᠨ ᠠᠭᠤᠷᠬᠠᠶ ᠮᠠᠯᠲᠠᠬᠤ ᠡᠷᠬᠡ ᠪᠠᠷ ᠭᠤᠤᠯ ᠴᠣᠭᠴᠠ ᠪᠣᠯᠭᠠᠵᠤ ᠭᠦᠨ ᠬᠡᠰᠡᠭ ᠤᠨ ᠬᠠᠰᠤᠵᠤ ᠭᠠᠷᠭᠠᠬᠤ ᠣᠷᠣᠨ ᠢ ᠡᠮᠬᠢᠯᠡᠨ ᠨᠡᠶᠢᠯᠡᠭᠦᠯᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠭᠡᠭᠡᠨ ᠵᠠᠰᠠᠭ ᠲᠠᠷᠬᠠᠭᠠᠭᠰᠠᠨ ︹2024︺ 5 ᠳ᠋ᠤᠭᠠᠷ ᠲᠣᠭᠠᠲᠤ︶ ᠶᠢ ᠬᠦᠯᠢᠶᠡᠨ ᠠᠪᠤᠯ᠎ᠠ᠃ ᠰᠤᠳᠤᠯᠬᠤ ᠪᠠᠷ ᠲᠠᠮᠵᠢᠨ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄         ᠨᠢᠭᠡ᠂ ᠬᠥᠯᠥᠨ ᠪᠤᠶᠢᠷ ᠤᠨ ᠱᠠᠨ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠰᠠᠨ ᠾᠧ ᠬᠠᠷ᠎ᠠ ᠲᠤᠭᠤᠯᠭ᠎ᠠ ᠴᠠᠶᠢᠷ ᠤᠨ ᠬᠦᠳᠡᠷ ᠤᠨ ᠠᠭᠤᠷᠬᠠᠶ ᠮᠠᠯᠲᠠᠬᠤ ᠡᠷᠬᠡ ᠪᠠᠷ ᠭᠤᠤᠯ ᠴᠣᠭᠴᠠ ᠪᠣᠯᠭᠠᠵᠤ ᠭᠦᠨ ᠬᠡᠰᠡᠭ ᠤᠨ ᠬᠠᠰᠤᠵᠤ ᠭᠠᠷᠭᠠᠬᠤ ᠣᠷᠣᠨ ᠢ ᠡᠮᠬᠢᠯᠡᠨ ᠨᠡᠶᠢᠯᠡᠭᠦᠯᠬᠦ ᠶᠢ ᠭᠦᠢᠴᠡᠳᠭᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃         ᠬᠤᠶᠠᠷ᠂ ᠠᠭᠤᠷᠬᠠᠶ ᠶᠢᠨ ᠠᠵᠤ ᠠᠬᠤᠶᠢᠯᠠᠯ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠭᠲᠠᠭᠰᠠᠨ ᠳᠡᠰ ᠳᠠᠷᠠᠭᠠᠯᠠᠯ ᠶᠣᠰᠣᠭᠠᠷ ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠶᠠᠪᠤᠳᠠᠯ ᠢ ᠳᠠᠷᠦ᠋ᠢᠬᠠᠨ ᠭᠦᠢᠴᠡᠳᠭᠡᠨ᠎ᠡ᠃         ᠭᠤᠷᠪᠠ᠂ ᠠᠭᠤᠷᠬᠠᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠱᠠᠯᠠᠪᠳᠠᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠦᠨᠡᠨ ᠬᠦ ᠭᠦᠢᠴᠡᠳᠭᠡᠬᠦ ᠬᠡᠷᠡᠭᠲᠡᠢ᠃         ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                                                         2024 ᠣᠨ ᠤ 6 ᠰᠠᠷ᠎ᠠ ᠶᠢᠨ 5 ᠤ ᠡᠳᠦᠷ         ︵ᠲᠤᠰ ᠮᠠᠲ᠋ᠧᠷᠢᠶᠠᠯ ᠢ ᠢᠯᠡ ᠨᠡᠶᠢᠲᠡᠯᠡᠨ᠎ᠡ︶  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ