ᠭᠠᠯ ᠰᠡᠷᠭᠡᠶᠢᠯᠡᠬᠦ ᠵᠠᠮ ᠪᠠ ᠤᠬᠠᠭᠤᠯᠭ᠎ᠠ ᠬᠦᠮᠦᠵᠢᠯ ᠤᠨ ᠠᠭᠤᠳᠠᠮ ᠲᠠᠯᠠᠪᠠᠢ ᠶᠢ ᠪᠠᠶᠢᠭᠤᠯᠬᠤ ᠲᠤᠬᠠᠢ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2024/12/3
ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄         ᠲᠠᠨ ᠤ ᠨᠢᠭᠡᠴᠢ ᠶᠢᠨ ︽ᠭᠠᠯ ᠰᠡᠷᠭᠡᠶᠢᠯᠡᠬᠦ ᠵᠠᠮ ᠪᠠ ᠤᠬᠠᠭᠤᠯᠭ᠎ᠠ ᠬᠥᠮᠦᠵᠢᠯ ᠤᠨ ᠠᠭᠤᠳᠠᠮ ᠲᠠᠯᠠᠪᠠᠶ ᠶᠢ ᠪᠠᠶᠢᠭᠤᠯᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠦᠯᠦᠨ ᠣᠶ ᠨᠤᠲᠤᠭ ᠲᠠᠷᠬᠠᠭᠠᠭᠰᠠᠨ [2020]137 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄         ᠨᠢᠭᠡ᠂ ᠲᠠᠨ ᠤ ᠨᠢᠭᠡᠴᠢ ᠶᠢᠨ ᠭᠠᠯ ᠰᠡᠷᠭᠡᠶᠢᠯᠡᠬᠦ ᠵᠠᠮ ᠪᠠ ᠬᠡᠭᠡᠷ᠎ᠡ ᠶᠢᠨ ᠠᠮᠢᠲᠠᠨ ᠤ ᠤᠬᠠᠭᠤᠯᠭ᠎ᠠ ᠬᠥᠮᠦᠵᠢᠯ ᠤᠨ ᠲᠠᠯᠠᠪᠠᠶ ᠪᠠᠶᠢᠭᠤᠯᠬᠤ ᠲᠤᠬᠠᠶ ᠭᠤᠶᠤᠴᠢᠯᠠᠯ ᠢ ᠵᠠᠷᠴᠢᠮ ᠳᠡᠭᠡᠷ᠎ᠡ ᠪᠠᠨ ᠵᠦᠪᠰᠢᠶᠡᠷᠡᠨ᠎ᠡ᠃         ᠬᠤᠶᠠᠷ᠂ ᠲᠠᠨ ᠤ ᠨᠢᠭᠡᠴᠢ ᠣᠶ ᠰᠢᠭᠤᠶ ᠨᠤᠲᠤᠭ ᠪᠡᠯᠴᠢᠭᠡᠷ ᠤᠨ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ ᠢᠳᠡᠪᠬᠢᠲᠡᠶ ᠪᠠᠷ ᠨᠢᠭᠡᠳᠦᠯᠲᠡᠶ ᠲᠥᠯᠥᠪᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠰᠢᠢᠳᠪᠦᠷᠢᠯᠡᠬᠦ ᠶᠢᠨ ᠬᠠᠮᠲᠤ ᠪᠠᠯᠠ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ᠂ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃         ᠭᠤᠷᠪᠠ᠂ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠤᠴᠠ ᠳᠤ᠂ ᠲᠠᠨ ᠤ ᠨᠢᠭᠡᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠬᠠᠤᠯᠢ ᠲᠣᠭᠲᠠᠭᠠᠯ ᠳᠤ ᠨᠡᠶᠢᠴᠡᠬᠦ᠂ ᠠᠮᠤᠷ ᠲᠦᠪᠰᠢᠨ ᠡᠮᠬᠢ ᠵᠢᠷᠤᠮ ᠲᠠᠢ ᠠᠬᠢᠬᠤ ᠶᠢ ᠦᠨᠡᠨᠬᠦ ᠪᠠᠲᠤᠯᠠᠨ᠎ᠠ᠃         ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                                                   2024 ᠣᠨ ᠤ 8 ᠰᠠᠷ᠎ᠠ ᠶᠢᠨ 20 ᠤ ᠡᠳᠦᠷ         ︵ᠲᠤᠰ ᠵᠦᠢᠯ ᠢ ᠢᠯᠡ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ